ᠬᠠᠤᠯᠢ ᠴᠠᠭᠠᠵᠠ ᠶᠢᠨ ᠲᠣᠪᠴᠢᠶ᠎ᠠ ᠶᠢᠨ ᠸᠧ ᠨᠢᠤ ᠾᠧ ᠬᠠᠤᠯᠢ ᠴᠠᠭᠠᠵᠠ ᠶᠢᠨ ᠭᠠᠵᠠᠷ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/3/22
       ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠵᠢᠷᠤᠮᠵᠢᠭᠰᠠᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠬᠤᠪᠢ ᠶᠢᠨ ᠬᠤᠳᠠᠯᠳᠤᠭᠠᠨ ᠤ ᠡᠷᠦᠭᠡ ᠶᠢᠨ ᠡᠷᠡᠭᠦᠯ ᠢᠶᠠᠷ ᠬᠥᠭᠵᠢᠬᠦ ᠪᠠ ᠬᠠᠤᠯᠢ ᠶᠣᠰᠣᠭᠠᠷ ᠡᠵᠡᠩᠨᠡᠬᠦ ᠶᠢ ᠠᠬᠢᠭᠤᠯᠤᠨ᠎ᠠ᠃ ᠣᠶᠢᠷ᠎ᠠ ᠳᠤ᠂ ᠬᠠᠤᠯᠢ ᠴᠠᠭᠠᠵᠠ ᠶᠢᠨ ᠲᠣᠪᠴᠢᠶ᠎ᠠ ᠶᠢᠨ  ᠸᠧ ᠨᠢᠤ ᠾᠧ ᠬᠠᠤᠯᠢ ᠴᠠᠭᠠᠵᠠ ᠶᠢᠨ ᠭᠠᠵᠠᠷ ︽ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃              ᠤᠬᠠᠭᠤᠯᠬᠤ ᠶᠠᠪᠤᠴᠠ ᠳᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠡᠯ᠎ᠡ ᠬᠤᠳᠠᠯᠳᠤᠭᠠᠨ ᠤ ᠡᠷᠦᠬᠡ ᠳᠤ ︽ᠢᠷᠭᠡᠨ ᠤ ᠬᠠᠤᠯᠢ ᠶᠢᠨ ᠪᠢᠴᠢᠭ︾᠂ ︽ᠲᠠᠸᠠᠷ ᠤᠨ ᠲᠡᠮᠳᠡᠭ ᠤᠨ ᠬᠠᠤᠯᠢ︾᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ ᠢᠳᠡᠪᠬᠢᠲᠡᠶ ᠪᠠᠷ ᠲᠠᠷᠬᠠᠭᠠᠵᠤ᠂ ᠡᠵᠡᠩᠨᠡᠭᠴᠢ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠳᠠᠨ ᠪᠠ ᠬᠥᠯᠥᠰᠥᠨ ᠠᠵᠢᠯᠴᠢᠨ ᠳᠤ ᠬᠠᠤᠯᠢ ᠪᠠᠷ ᠵᠠᠰᠠᠬᠤ ᠤᠬᠠᠭᠤᠯᠭ᠎ᠠ  ᠬᠢᠵᠡᠢ᠃  ᠤᠷᠢᠶ᠎ᠠ ᠯᠣᠽᠦ᠋ᠩ᠂ ᠬᠥᠨᠳᠡᠯᠡᠨ ᠪᠢᠴᠢᠭᠡᠰᠦ ᠵᠡᠷᠭᠡ ᠭᠡᠷ ᠤᠨ ᠭᠠᠳᠠᠨᠠᠬᠢ ᠡᠬᠢ ᠪᠠᠶᠠᠯᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠡᠭᠦᠷᠭᠡ ᠴᠢᠳᠠᠪᠤᠷᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠵᠡᠷᠭᠡ ᠴᠣᠩᠬᠤᠪᠴᠢ ᠨᠢᠭᠡᠴᠡ ᠶᠢᠨ ᠠᠵᠢᠯ ᠤᠨ ᠶᠠᠪᠤᠴᠠ ᠶᠢ ᠴᠠᠭ ᠲᠤᠬᠠᠶ ᠳᠤᠨᠢ ᠲᠠᠨᠢᠯᠴᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠤᠬᠠᠭᠤᠯᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠣᠯᠠᠨ ᠲᠦᠮᠡᠨ ᠳᠤ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠬᠠᠩᠭᠠᠨ᠎ᠠ᠃ ᠬᠠᠤᠯᠢ ᠴᠠᠭᠠᠵᠠ ᠶᠢᠨ  ᠦᠢᠯᠡᠴᠢᠯᠡᠭᠡᠨ ᠤ ︽ᠰᠠᠭᠠᠳ ᠥᠬᠡᠶ ᠨᠡᠪᠲᠡᠷᠡᠬᠦ ᠵᠠᠮ︾ ᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠰᠦᠢᠢᠳᠭᠡᠯ ᠬᠤᠷᠢᠶᠠᠬᠤ ᠥᠬᠡᠶ ᠪᠠᠷ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠴᠠᠭ ᠲᠤᠬᠠᠶ ᠳᠤᠨᠢ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠨ᠎ᠠ᠃               ᠡᠨᠡ  ᠣᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠶ᠃ ᠲᠠᠷᠠᠭᠠᠴᠢ ᠶᠢᠨ ᠠᠯᠬᠤᠮ ᠳᠤ᠂  ᠸᠧ ᠨᠢᠤ ᠾᠧ ᠬᠠᠤᠯᠢ ᠪᠠᠷᠢᠬᠤ ᠭᠠᠵᠠᠷ ᠴᠢᠬᠤᠯᠠ ᠵᠠᠩᠭᠢᠯᠠᠭ᠎ᠠ ᠶᠢᠨ ᠴᠡᠭ ᠲᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯ ᠰᠡᠳᠦᠪᠲᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠠᠯ᠎ᠠ ᠪᠠᠷ ᠬᠢ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠤᠨ ᠰᠢᠯᠢᠳᠡᠭᠵᠢᠭᠦᠯᠵᠦ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠨᠡᠮᠡᠭᠳᠡᠭᠦᠯᠦᠨ᠎ᠡ᠃      
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号