ᠣᠷᠴᠣᠨ ᠦᠨᠳᠦᠰᠦᠲᠡᠨ ᠤ ᠰᠢᠶᠠᠩ᠄ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2021/3/23
      ᠣᠶᠢᠷ᠎ᠠ ᠳᠤ᠂  ᠨᠠᠨᠮᠦ ᠣᠷᠴᠣᠨ ᠦᠨᠳᠦᠰᠦᠲᠡᠨ ᠤ ᠰᠢᠶᠠᠩ ᠵᠠᠯᠠᠨ ᠠᠶᠢᠯ ᠬᠤᠲᠠ ᠶᠢᠨ ᠡᠨᠧᠷᠭᠢ ᠶᠢᠨ ᠬᠤᠷᠣᠭᠳᠠᠯ ᠤᠨ ︽ ᠬᠤᠣᠰ ᠡᠵᠡᠮᠳᠡᠯ︾ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠦᠳᠲᠡᠷ ᠲᠦᠷᠭᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠬᠤ ︽ ᠬᠤᠣᠰ ᠡᠵᠡᠮᠳᠡᠯ︾ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠨᠠᠮ ᠤᠨ ᠬᠤᠷᠢᠶᠠᠨ ᠤ ᠱᠦᠵᠢ ᠯᠢᠦ ᠰᠢᠶᠤᠤ ᠸᠧᠶ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠣᠰᠬᠤᠨ ᠤ ᠰᠠᠭᠤᠭᠠᠯᠢ ᠠᠷᠠᠳ ᠵᠢᠴᠢ ᠪᠥᠬᠦ ᠪᠠᠶᠢᠭᠤᠯᠭ᠎ᠠ ᠶᠢᠨ ᠺᠠᠳ᠋ᠷᠴᠤᠳ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠂ᠡᠨᠧᠷᠭᠢ ᠶᠢᠨ ᠬᠤᠷᠣᠭᠳᠠᠭᠤᠯᠭ᠎ᠠ ᠶᠢᠨ ︽ ᠬᠤᠣᠰ ᠡᠵᠡᠮᠳᠡᠯ︾ ᠠᠵᠢᠯ ᠢ ᠨᠡᠩ ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠨᠡᠮᠡᠭᠳᠡᠭᠦᠯᠦᠨ᠂ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠪᠣᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ︽ ᠬᠤᠣᠰ ᠡᠵᠡᠮᠳᠡᠯ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃        ᠨᠢᠭᠡ ᠳᠤ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠮᠠᠨ ᠤ ᠰᠢᠶᠠᠩ ᠤᠨ  ᠪᠠᠶᠢᠳᠠᠯ ᠳᠤ ᠴᠢᠭᠯᠡᠭᠦᠯᠦᠨ ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠢᠯᠴᠢ ᠬᠠᠩᠭᠠᠬᠤ ᠠᠵᠤ ᠠᠬᠤᠢᠯᠠᠯ ᠤᠨ ᠴᠠᠬᠢᠯᠭᠠᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠤ ᠬᠤᠷᠣᠭᠳᠠᠯ ᠢ ᠴᠢᠩᠭ᠎ᠠ ᠬᠢᠵᠠᠭᠠᠷᠯᠠᠨ᠎ᠠ  ᠃ ᠬᠠᠷᠢᠶ᠎ᠠ ᠣᠷᠣᠨ ᠤ ᠳᠣᠲᠣᠷᠠᠬᠢ ᠪᠤᠶ ᠪᠦᠬᠦᠢ ᠬᠤᠳᠠᠯᠳᠤᠭᠠᠴᠢᠨ ᠡᠷᠦᠬᠡ ᠳᠤ ᠣᠷᠣᠵᠤ ᠤᠬᠠᠭᠤᠯᠭ᠎ᠠ ᠬᠢᠵᠦ᠂ ᠰᠥᠨᠢ ᠶᠢᠨ ᠭᠡᠷᠡᠯᠲᠦᠭᠦᠯᠭᠡ ᠶᠢᠨ ᠴᠠᠭ ᠢ ᠪᠣᠭᠤᠨᠢᠰᠬᠠᠬᠤ ᠶᠢ  ᠰᠠᠨᠠᠭᠤᠯᠣᠨ᠎ᠠ᠃ ᠬᠠᠷᠢᠶ᠎ᠠ ᠣᠷᠣᠨ ᠤ ᠳᠣᠲᠣᠷᠠᠬᠢ ᠵᠠᠮ ᠤᠨ ᠳ᠋ᠧᠩ ᠤᠨ ᠭᠡᠷᠡᠯᠲᠦᠭᠦᠯᠭᠡ  ᠤᠨ ᠴᠠᠭ ᠢ  ᠪᠣᠭᠤᠨᠢᠰᠬᠠᠬᠤ ᠮᠦᠷᠲᠡᠭᠡᠨ  ᠣᠷᠣᠢ ᠡᠯ᠎ᠡ ᠲᠣᠰᠬᠤᠨ ᠤ ᠰᠠᠭᠤᠭᠠᠯᠢ ᠠᠷᠠᠳ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ led ᠳ᠋ᠧᠩ ᠢ  ᠣᠨᠲᠠᠷᠠᠭᠠᠨ᠎ᠠ᠃            ᠬᠤᠶᠠᠷ ᠲᠤ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠵᠤ᠂ ᠭᠡᠷᠡᠯᠲᠦᠭᠦᠯᠭᠡ ᠶᠢᠨ ᠡᠨᠧᠷᠭᠢ ᠶᠢ ᠠᠷᠪᠢᠯᠠᠨ ᠭᠠᠮᠨᠠᠬᠤ ᠶᠢ ᠰᠠᠶᠢᠲᠤᠷ ᠠᠳᠬᠤᠨ᠎ᠠ᠃ ᠡᠯ᠎ᠡ ᠠᠯᠪᠠᠨ ᠭᠡᠷ ᠤᠳ ᠡᠳᠦᠷ ᠲᠤᠲᠤᠮ ᠤᠨ ᠭᠡᠷᠡᠯᠲᠦᠭᠦᠯᠭᠡ ᠪᠣᠯᠤᠨ ᠤᠰᠤ ᠠᠷᠪᠢᠯᠠᠬᠤ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠵᠤ᠂ ᠪᠠᠶᠢᠭᠠᠯᠢ ᠶᠢᠨ ᠭᠡᠷᠡᠯᠲᠦᠭᠦᠯᠭᠡ ᠶᠢ ᠭᠦᠢᠴᠡᠳ ᠠᠰᠢᠭᠯᠠᠨ᠂ ᠠᠯᠪᠠᠨ ᠭᠡᠷ ᠠᠴᠠ ᠰᠠᠯᠤᠭᠠᠳ 10 ᠮᠢᠨᠦ᠋ᠲ ᠠᠴᠠ ᠳᠡᠭᠡᠭᠰᠢ ᠪᠣᠯᠪᠠᠯ ᠳ᠋ᠧᠩ ᠢᠶᠠᠨ  ᠣᠨᠲᠠᠭᠠᠷᠠᠵᠣ᠂ ᠤᠰᠤᠨ ᠴᠣᠷᠭᠤ ᠶᠢ ᠬᠡᠷᠡᠭᠯᠡᠭᠰᠡᠨ ᠤ ᠳᠠᠷᠠᠭ᠎ᠠ ᠴᠠᠭ ᠲᠤᠬᠠᠶ ᠳᠤᠨᠢ ᠬᠠᠭᠠᠵᠤ᠂ ᠭᠡᠷᠡᠯᠲᠦᠭᠦᠯᠭᠡ ᠶᠢᠨ ᠲᠥᠬᠦᠭᠡᠷᠦᠮᠵᠢ ᠶᠢᠨ ᠴᠠᠬᠢᠯᠭᠠᠨ ᠤ ᠬᠤᠷᠣᠭᠳᠠᠭᠤᠯᠭ᠎ᠠ ᠵᠢᠴᠢ ᠤᠰᠤ ᠠᠷᠪᠢᠯᠠᠬᠤ ᠶᠢ ᠪᠠᠭᠠᠰᠬᠠᠬᠤ ᠬᠡᠷᠡᠭᠲᠡᠶ᠃ ᠥᠨᠳᠥᠷ ᠦᠷ᠎ᠡ ᠪᠦᠲᠦᠮᠵᠢᠲᠡᠶ ᠡᠨᠧᠷᠭᠢ ᠠᠷᠪᠢᠯᠠᠬᠤ ᠭᠡᠷᠡᠯᠲᠦᠭᠦᠯᠭᠡ ᠶᠢᠨ ᠳ᠋ᠧᠩ ᠵᠢᠴᠢ ᠤᠰᠤ ᠠᠷᠪᠢᠯᠠᠬᠤ ᠬᠡᠷᠡᠭᠰᠡᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠭᠡᠷᠡᠯᠲᠦᠭᠦᠯᠭᠡ ᠶᠢᠨ  ᠰᠢᠰᠲ᠋ᠧᠮ ᠤᠨ ᠵᠢᠷᠤᠭ ᠲᠥᠯᠥᠪᠯᠡᠭᠡ ᠬᠢᠭᠡᠳ ᠡᠵᠡᠮᠳᠡᠯ ᠢ ᠰᠢᠯᠢᠳᠡᠭᠵᠢᠭᠦᠯᠦᠨ᠂ ᠬᠤᠩᠭᠢᠯ᠂᠂ ᠠᠷᠢᠭᠤᠨ ᠴᠡᠪᠡᠷ ᠤᠨ ᠲᠠᠰᠤᠯᠭ᠎ᠠ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢᠨ ᠭᠡᠷᠡᠯᠲᠦᠭᠦᠯᠭᠡ ᠶᠢᠨ  ᠳ᠋ᠧᠩ ᠳᠤ ᠠᠦ᠋ᠲ᠋ᠣ᠋ ᠡᠵᠡᠮᠳᠡᠯ ᠤᠨ ᠲᠣᠨᠣᠭᠯᠠᠯ ᠤᠭᠰᠠᠷᠠᠵᠤ᠂ ᠡᠳᠦᠷ ᠤᠨ  ᠳ᠋ᠧᠩ᠂ ᠪᠠᠶᠢᠩᠭᠤ  ᠳ᠋ᠧᠩ ᠤᠭᠰᠠᠷᠠᠬᠤ ᠶᠢ ᠡᠷᠡᠰ ᠬᠤᠷᠢᠭᠯᠠᠬᠤ ᠬᠡᠷᠡᠭᠲᠡᠶ᠃  ᠠᠯᠪᠠᠯᠠᠬᠤ ᠲᠥᠬᠦᠭᠡᠷᠦᠮᠵᠢ ᠶᠢᠨ ᠡᠨᠧᠷᠭᠢ ᠶᠢ ᠠᠷᠪᠢᠯᠠᠬᠤ ᠶᠢ ᠰᠠᠶᠢᠲᠤᠷ ᠬᠢᠨ᠎ᠡ᠃ ᠡᠨᠧᠷᠭᠢ ᠠᠷᠪᠢᠯᠠᠬᠤ ᠠᠯᠪᠠᠨ ᠠᠵᠢᠯ ᠤᠨ ᠲᠥᠬᠦᠭᠡᠷᠦᠮᠵᠢ ᠶᠢ ᠡᠩ ᠲᠡᠷᠢᠭᠦᠨ ᠳᠤ ᠬᠤᠳᠠᠯᠳᠤᠨ ᠠᠪᠴᠤ᠂ ᠡᠳᠦᠷ ᠲᠤᠲᠤᠮ ᠤᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠬᠤᠯᠠᠴᠢᠯᠠᠬᠤ ᠬᠡᠷᠡᠭᠲᠡᠶ᠃ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠳᠠᠷᠤᠮᠠᠯᠯᠠᠬᠤ ᠮᠠᠰᠢᠨ ᠵᠡᠷᠭᠡ ᠠᠯᠪᠠᠨ ᠲᠥᠬᠦᠭᠡᠷᠦᠮᠵᠢ ᠶᠢ ᠤᠷᠲᠤ ᠬᠤᠭᠤᠴᠠᠭ᠎ᠠ ᠪᠠᠷ ᠬᠡᠷᠡᠭᠯᠡᠬᠦ ᠦᠭᠡᠢ ᠪᠣᠯ ᠴᠠᠭ ᠲᠤᠬᠠᠢ ᠳᠤᠨᠢ ᠬᠠᠭᠠᠵᠤ᠂ ᠠᠵᠢᠯ ᠠᠴᠠ ᠪᠠᠭᠤᠬᠤ ᠦᠶᠡᠰ ᠤᠭᠯᠠᠭᠤᠷᠭ᠎ᠠ ᠪᠠᠨ  ᠳᠠᠷᠣᠬᠤ ᠪᠤᠶᠤ ᠤᠭᠯᠠᠭᠤᠷᠭ᠎ᠠ ᠪᠠᠨ ᠠᠪᠴᠤ᠂ ᠠᠵᠢᠯ ᠬᠦᠯᠢᠶᠡᠬᠦ ᠡᠨᠧᠷᠭᠢ ᠶᠢᠨ ᠬᠤᠷᠣᠭᠳᠠᠯ ᠢᠶᠠᠨ ᠪᠠᠭᠠᠰᠬᠠᠬᠤ ᠬᠡᠷᠡᠭᠲᠡᠢ᠃            ᠭᠤᠷᠪᠠ ᠳᠤ ᠡᠨᠧᠷᠭᠢ ᠠᠷᠪᠢᠯᠠᠬᠤ ᠤᠬᠠᠮᠰᠠᠷ ᠢ ᠥᠷᠭᠡᠨ ᠢᠶᠠᠷ ᠤᠬᠠᠭᠤᠯᠵᠤ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠡᠯ᠎ᠡ ᠲᠣᠰᠬᠤᠨ ᠤ ᠬᠢᠨ ︽ᠬᠦᠬᠡ ᠣᠭᠲᠠᠷᠭᠤᠢ ᠬᠥᠬᠡᠮᠳᠦᠭ ᠤᠰᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠵᠠᠯᠠᠨ ᠠᠶᠢᠯ ᠬᠤᠳᠠ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠰᠠᠨᠠᠭᠠᠴᠢᠯᠠᠭ᠎ᠠ ᠶᠢᠨ ᠪᠢᠴᠢᠭ︾ ᠢ ᠳᠠᠮᠵᠢᠭᠤᠯᠤᠨ ᠲᠠᠷᠬᠠᠭᠠᠬᠤ ᠪᠠᠷ ᠳᠠᠮᠵᠢᠨ ᠲᠤᠰ ᠲᠣᠰᠬᠤᠨ ᠤ ᠪᠠᠨ ᠭᠤᠷᠪᠠᠨ ᠶᠠᠪᠤᠳᠠᠯ ᠢ ᠢᠯᠡ ᠨᠡᠶᠢᠲᠡᠯᠡᠬᠦ ᠪᠦᠯᠦᠭᠵᠢᠯ ᠳᠤ ᠬᠦᠷᠭᠡᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠬᠠᠭᠤᠳᠠᠰᠤ ᠡᠯᠭᠦᠬᠦ ᠵᠡᠷᠭᠡ ᠬᠡᠯᠪᠡᠷᠢ ᠪᠠᠷ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠤᠬᠠᠮᠰᠠᠷ ᠢ ᠠᠷᠠᠳ ᠢᠷᠭᠡᠳ ᠪᠦᠬᠦᠨ ᠤ ᠰᠡᠳᠬᠢᠯ ᠳᠤ ᠬᠠᠳᠠᠩᠰᠢᠭᠤᠯᠵᠤ᠂ ᠰᠠᠭᠤᠭᠠᠯᠢ ᠠᠷᠠᠳ ᠢ ᠳᠠᠶᠢᠴᠢᠯᠠᠨ ᠡᠨᠧᠷᠭᠢ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠪᠠᠷ ᠶᠠᠪᠤᠵᠤ ᠰᠠᠭᠤᠬᠤ᠂ ᠪᠣᠬᠢᠷᠲᠤᠯ ᠦᠭᠡᠢ ᠪᠠᠷ ᠬᠡᠷᠡᠭᠯᠡᠭᠡ ᠬᠢᠬᠦ ᠶᠢ ᠰᠠᠨᠠᠭᠠᠴᠢᠯᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠣᠷᠴᠢᠨ ᠲᠣᠭᠤᠷᠢᠨ ᠢ ᠬᠠᠮᠠᠭᠠᠯᠠᠬᠤ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ᠂ ᠰᠠᠶᠢᠨ ᠳᠤᠷᠠᠴᠤᠳ ᠪᠣᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号