ᠭᠤᠤ ᠲᠠᠢ ᠽᠢ ᠵᠡᠭᠡᠯᠢ ᠭᠤᠳᠤᠮᠵᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/26
     ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ 3 ᠰᠠᠷ᠎ᠠ  ᠶᠢᠨ  24      ᠤ ᠡᠳᠦᠷ᠂ ᠭᠤᠤ ᠲᠠᠢ ᠽᠢ ᠵᠡᠭᠡᠯᠢ ᠶᠢᠨ ᠰᠢᠬᠢᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠤᠨ ᠬᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃         ᠠᠵᠢᠯᠯᠠᠭ᠎ᠠ ᠶᠢᠨ ᠳᠤᠮᠳᠠ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠪᠣᠯᠤᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠳᠤ ᠭᠠᠷᠤᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠢᠨ᠎ᠡ ᠮᠠᠶ᠋ᠢᠭ ᠤᠨ ᠬᠡᠷᠡᠭ ᠤᠨ ᠵᠢᠱᠢᠶ᠎ᠡ ᠶᠢ ᠵᠢᠭᠰᠠᠭᠠᠨ᠂ ᠰᠠᠭᠤᠭᠠᠯᠢ ᠠᠷᠠᠳ ᠲᠤ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠬᠤᠣᠷ ᠬᠥᠨᠥᠭᠡᠯ ᠢ ᠲᠣᠳᠣᠷᠬᠠᠶ ᠲᠠᠨᠢᠵᠤ᠂ ᠥᠨᠳᠥᠷ ᠬᠠᠷᠠᠮᠵᠢ ᠶᠢᠨ ᠥᠳᠥᠭᠡᠯᠭᠡ ᠶᠢ ᠡᠷᠡᠰ ᠡᠰᠡᠷᠭᠦᠴᠡᠨ ᠬᠤᠷᠢᠭᠯᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠡᠯ᠎ᠡ ᠵᠦᠢᠯ ᠤᠨ ᠤᠬᠠᠭᠤᠯᠭ᠎ᠠ ᠶᠢᠨ ᠬᠠᠭᠤᠳᠠᠰᠤ ᠶᠢ ᠬᠦᠯᠢᠶᠡᠨ ᠠᠪᠬᠤ ᠦᠭᠡᠶ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠮᠡᠳᠡᠭᠡ ᠵᠠᠩᠭᠢ ᠶᠢ ᠲᠠᠷᠬᠠᠭᠠᠬᠤ ᠦᠭᠡᠶ ᠪᠠᠶᠢᠬᠤ ᠶᠢ ᠰᠠᠨᠠᠭᠤᠯᠵᠤ ᠪᠠᠶᠢᠨ᠎ᠠ᠃ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠶᠠᠪᠤᠴᠠ ᠳᠤ᠂ ᠵᠥᠪ ᠣᠨᠣᠪᠴᠢᠲᠠᠢ ᠡᠳ᠋ ᠤᠨ ᠶᠠᠪᠤᠳᠠᠯ ᠢ ᠬᠠᠮᠢᠶᠠᠷᠬᠤ ᠦᠵᠡᠯᠲᠡ ᠶᠢ ᠪᠤᠢ ᠪᠣᠯᠭᠠᠵᠤ᠂ ︽ᠨᠢᠭᠡ ᠯᠡ ᠰᠥᠨᠢ ᠶᠢᠨ ᠳᠣᠲᠣᠷ᠎ᠠ ᠭᠡᠨᠡᠳᠲᠡ ᠪᠠᠶᠠᠵᠢᠬᠤ︾᠂ ︽ᠲᠩᠷᠢ ᠠᠴᠠ ᠱᠠᠯᠪᠢᠩ ᠤᠨᠠᠬᠤ︾ ᠭᠡᠬᠦ ᠬᠤᠳᠠᠯ ᠦᠭᠡ ᠶᠢ ᠢᠲᠡᠭᠡᠵᠦ ᠪᠣᠯᠬᠤ ᠦᠭᠡᠢ᠂ ᠪᠣᠯᠭᠤᠮᠵᠢᠲᠠᠢ ᠣᠪᠣᠷ ᠢᠶᠠᠷ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠬᠡᠷᠡᠭᠲᠡᠢ᠃           ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 30 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠪᠦᠲᠦᠮᠵᠢᠲᠡᠶ ᠪᠠᠷ ᠴᠢᠩᠭᠠᠷᠠᠭᠤᠯᠤᠨ᠂ ᠰᠠᠭᠤᠭᠠᠯᠢ ᠠᠷᠠᠳ ᠤᠨ ᠵᠥᠪ ᠣᠨᠣᠪᠴᠢᠲᠠᠶ ᠪᠠᠯᠠ ᠣᠷᠣᠭᠤᠯᠤᠯᠲᠠ ᠶᠢᠨ ᠣᠶᠢᠯᠠᠭᠠᠭᠳᠠᠬᠤᠨ ᠢ ᠬᠥᠮᠦᠵᠢᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号