ᠸᠧ ᠨᠢᠤ ᠾᠧ ᠪᠠᠯᠭᠠᠰᠤ ᠲᠦᠯᠦᠪᠯᠡᠯᠭᠡ ᠲᠠᠢ ᠪᠠᠷ ᠬᠡᠣᠬᠡᠳ ᠠᠪᠬᠤ  ᠱᠠᠩᠨᠠᠨ ᠲᠡᠳᠬᠦᠬᠦ ᠡᠲᠡᠭᠡᠳ ᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/3/30
    ᠲᠦᠯᠦᠪᠯᠡᠯᠭᠡ ᠲᠠᠢ ᠪᠠᠷ ᠬᠡᠣᠬᠡᠳ ᠠᠪᠬᠤ   ᠱᠠᠩᠨᠠᠨ ᠲᠡᠳᠬᠦᠬᠦ ᠬᠥᠮᠦᠰ ᠤᠨ ᠮᠡᠳᠡᠭᠡ ᠵᠠᠩᠭᠢ ᠶᠢ ᠲᠣᠳᠣᠷᠬᠠᠶ ᠣᠶᠢᠯᠠᠭᠠᠬᠤ ᠶᠢᠨ ᠲᠥᠯᠥᠭᠡ᠂  ᠲᠦᠯᠦᠪᠯᠡᠯᠭᠡ ᠲᠠᠢ ᠪᠠᠷ ᠬᠡᠣᠬᠡᠳ ᠠᠪᠬᠤ  ᠱᠠᠩᠨᠠᠨ ᠲᠡᠳᠬᠦᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ  ᠲᠦᠯᠦᠪᠯᠡᠯᠭᠡ ᠲᠠᠢ ᠪᠠᠷ ᠬᠡᠣᠬᠡᠳ ᠠᠪᠬᠤ   ᠬᠡᠰᠡᠭ ᠬᠡᠷ ᠪᠦᠯᠢ ᠳᠤ ᠱᠠᠩᠨᠠᠨ ᠲᠡᠳᠬᠦᠬᠦ ᠲᠥᠷᠥ ᠶᠢᠨ ᠪᠣᠳᠣᠯᠭ᠎ᠠ ᠬᠦᠷᠲᠡᠭᠡᠬᠦ ᠶᠢ ᠦᠨᠡᠨ ᠬᠦ ᠪᠠᠲᠤᠯᠠᠨ᠎ᠠ᠃ ᠣᠶᠢᠷ᠎ᠠ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠸᠧ ᠨᠢᠦ ᠾᠧ ᠪᠠᠯᠭᠠᠰᠤᠨ ᠤ ᠡᠯ᠎ᠡ ᠲᠣᠰᠬᠤᠨ ᠳᠤ ᠭᠦᠨᠵᠡᠭᠡᠶᠢᠷᠡᠵᠦ᠂ ᠪᠠᠯᠭᠠᠰᠤ ᠲᠣᠰᠬᠤᠨ ᠬᠤᠶᠠᠷ ᠱᠠᠲᠤᠨ ᠤ  ᠲᠦᠯᠦᠪᠯᠡᠯᠭᠡ ᠲᠠᠢ ᠪᠠᠷ ᠬᠡᠣᠬᠡᠳ ᠠᠪᠬᠤ  ᠰᠠᠯᠠᠭ᠎ᠠ ᠮᠦᠴᠢᠷ ᠤᠨ ᠺᠠᠳ᠋ᠷᠴᠤᠳ ᠤᠨ ᠪᠠᠷ᠎ᠠ  ᠪᠤᠯᠵᠤ 2021 ᠣᠨ ᠳᠤ ᠰᠢᠨ᠎ᠡ ᠪᠠᠷ ᠨᠡᠮᠡᠭᠳᠡᠭᠰᠡᠨ  ᠲᠦᠯᠦᠪᠯᠡᠯᠭᠡ ᠲᠠᠢ ᠪᠠᠷ ᠬᠡᠣᠬᠡᠳ ᠠᠪᠬᠤ   ᠱᠠᠩᠨᠠᠨ ᠲᠡᠳᠬᠦᠬᠦ ᠡᠲᠡᠭᠡᠳ ᠢ ᠪᠥᠬᠦ ᠲᠠᠯ᠎ᠠ ᠪᠠᠷ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠪᠠ᠃    ᠲᠣᠰ ᠤᠳᠠᠭᠠᠨ ᠤ ᠬᠠᠷᠭᠤᠭᠤᠯᠤᠨ ᠪᠠᠶᠢᠴᠠᠭᠠᠯᠲᠠ ᠪᠣᠯ ᠡᠯ᠎ᠡ ᠲᠣᠰᠬᠤᠨ ᠤ ᠰᠠᠭᠤᠭᠠᠯᠢ ᠠᠷᠠᠳ ᠤᠨ 2021 ᠣᠨ ᠳᠤ ᠳᠡᠭᠡᠭᠰᠢ ᠮᠡᠳᠡᠭᠦᠯᠦᠭᠰᠡᠨ‌‍ᠲ᠋ᠦ᠋ᠯᠦᠪᠯᠡᠯᠭᠡ ᠲᠠᠢ ᠪᠠᠷ ᠬᠡᠣᠬᠡᠳ ᠠᠪᠬᠤ ᠱᠠᠩᠨᠠᠯ ᠲᠡᠳᠬᠦᠮᠵᠢ ᠶᠢᠨ ᠰᠢᠨ᠎ᠡ ᠪᠠᠷ ᠨᠡᠮᠡᠭᠳᠡᠭᠰᠡᠨ ᠡᠲᠡᠭᠡᠳ ᠢ ᠬᠢᠨᠠᠨ ᠬᠠᠷᠭᠤᠭᠤᠯᠤᠭᠰᠠᠨ ᠤ ᠰᠠᠭᠤᠷᠢᠨ ᠳᠡᠭᠡᠷ᠎ᠡ᠂ ᠬᠡᠷ ᠲᠤᠨᠢ ᠬᠦᠷᠴᠦ ᠯᠠᠪᠯᠠᠨ ᠠᠰᠠᠭᠤᠬᠤ ᠪᠠᠷ ᠳᠡᠮᠵᠢᠨ᠂ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠣᠷᠤᠭ ᠤᠨ ᠦᠨᠡᠮᠯᠡᠯ ᠪᠠ ᠦᠷ᠎ᠡ ᠬᠡᠤᠬᠡᠳ ᠤᠨ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠵᠡᠷᠭᠡ ᠬᠤᠯᠪᠣᠭᠳᠠᠯ ᠪᠥᠬᠦᠶ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠨ᠎ᠠ᠂ ᠡᠭᠦᠨ ᠤ ᠬᠠᠮᠲᠤ ᠭᠤᠶᠤᠴᠢᠯᠠᠭᠳᠠᠭᠴᠢ ᠶᠢᠨ ᠨᠠᠰᠤ ᠵᠢᠯ ᠲᠠᠢ ᠠᠳᠠᠯᠢᠪᠲᠤᠷ ᠪᠠᠶᠢᠳᠠᠯ ᠢ ᠮᠡᠳᠡᠬᠦ ᠬᠥᠮᠦᠨ ᠢ ᠭᠤᠤᠯᠳᠠᠯᠭ᠎ᠠ ᠲᠠᠢ ᠰᠤᠷᠪᠤᠯᠵᠢᠯᠠᠵᠤ᠂ ᠭᠤᠶᠤᠴᠢᠯᠠᠭᠳᠠᠭᠴᠢ ᠶᠢᠨ ᠣᠷᠤᠭ ᠤᠨ ᠲᠡᠤᠬᠡ᠂ ᠦᠷᠡᠵᠢᠯ ᠤᠨ ᠲᠡᠤᠬᠡ ᠵᠡᠷᠭᠡ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ᠎ᠠ᠃ ᠲᠡᠳᠬᠦᠨ ᠳᠡᠮᠵᠢᠬᠦ ᠡᠲᠡᠭᠡᠳ ᠤᠨ  ᠦᠨᠳᠦᠰᠦᠨ ᠮᠡᠳᠡᠭᠡ ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ︽ᠨᠢᠭᠡ ᠡᠷᠦᠬᠡ ᠶᠢ  ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠪᠡᠶᠡᠯᠡᠭᠦᠯᠦᠨ᠎ᠡ᠃  ᠡᠭᠦᠨ ᠤ ᠵᠡᠷᠭᠡ ᠳᠤ᠂ ᠡᠷᠦᠬᠡ ᠳᠤ ᠣᠷᠣᠬᠤ ᠶᠠᠪᠤᠴᠠ ᠳᠤ᠂ ᠲᠦᠯᠦᠪᠯᠡᠯᠭᠡ ᠲᠠᠢ ᠪᠠᠷ ᠬᠡᠣᠬᠡᠳ ᠠᠪᠬᠤ  ᠱᠠᠩᠨᠠᠨ ᠲᠡᠳᠬᠦᠬᠦ ᠡᠨᠡ ᠬᠦ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠭᠰᠠᠨ ᠥᠬᠡᠶ ᠣᠯᠠᠨ ᠲᠦᠮᠡᠨ ᠳᠤ ᠪᠥᠬᠦ ᠲᠠᠯ᠎ᠠ ᠶᠢᠨ ᠤᠬᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ  ᠲᠠᠶᠢᠯᠤᠮᠵᠢ ᠬᠢᠵᠦ  ᠥᠭᠴᠦ᠂ ᠱᠠᠩᠨᠠᠨ ᠲᠡᠳᠬᠦᠬᠦ ᠡᠨᠡ ᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠲᠦᠯᠦᠪᠯᠡᠯᠭᠡ ᠲᠠᠢ ᠪᠠᠷ ᠬᠡᠣᠬᠡᠳ ᠠᠪᠬᠤ  ᠱᠠᠩᠨᠠᠨ ᠲᠡᠳᠬᠦᠬᠦ ᠠᠵᠢᠯ ᠤᠨ ᠥᠷᠨᠢᠯᠲᠡ ᠶᠢ ᠠᠬᠢᠭᠤᠯᠤᠭᠰᠠᠨ ᠪᠠᠶᠢᠨ᠎ᠠ᠃ ᠲᠣᠰ ᠤᠳᠠᠭᠠᠨ ᠤ ᠬᠢᠨᠠᠨ ᠪᠠᠶᠢᠴᠠᠭᠠᠯᠲᠠ ᠳᠤ ᠨᠡᠶᠢᠲᠡ 13 ᠲᠣᠰᠬᠤᠨ ︵ᠰᠠᠭᠤᠭᠠᠯᠢ ᠠᠷᠠᠳ︶ ᠤ 57 ᠬᠥᠮᠦᠨ ᠳᠤ ᠬᠤᠯᠪᠣᠭᠳᠠᠵᠤ᠂ ᠡᠷᠦᠬᠡ ᠳᠤ ᠤᠷᠤᠭᠰᠠᠨ ᠨᠣᠷᠮ᠎ᠠ ᠨᠢ 100% ᠳᠤ ᠬᠦᠷᠴᠡᠶ᠃        ᠲᠣᠰ ᠤᠳᠠᠭᠠᠨ ᠤ ᠬᠢᠨᠠᠨ ᠪᠠᠶᠢᠴᠠᠭᠠᠯᠲᠠ ᠪᠠᠷ ᠳᠡᠮᠵᠢᠨ᠂ ᠲᠦᠯᠦᠪᠯᠡᠯᠭᠡ ᠲᠠᠢ ᠪᠠᠷ ᠬᠡᠣᠬᠡᠳ ᠠᠪᠬᠤ  ᠱᠠᠩᠨᠠᠨ ᠲᠡᠳᠬᠦᠬᠦ ᠣᠨᠣᠪᠴᠢ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠸᠧ ᠨᠢᠤ ᠾᠧ ᠪᠠᠯᠭᠠᠰᠤᠨ ᠤ ᠲᠦᠯᠦᠪᠯᠡᠯᠭᠡ ᠲᠠᠢ ᠪᠠᠷ ᠬᠡᠣᠬᠡᠳ ᠠᠪᠬᠤ  ᠱᠠᠩᠨᠠᠨ ᠲᠡᠳᠬᠦᠬᠦ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ  ᠳᠡᠭᠡᠭᠰᠢᠯᠡᠭᠦᠯᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号