ᠳ᠋ᠠ ᠾᠧ ᠸᠠᠨ ᠪᠠᠯᠭᠠᠰᠤ ᠬᠥᠬᠡ ᠲᠩᠷᠢ ᠴᠡᠪᠡᠷ ᠬᠥᠷᠥᠰᠥ ᠶᠢ ᠬᠠᠮᠠᠭᠠᠯᠠᠵᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠨᠡᠮᠡᠭᠳᠡᠭᠦᠯᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/3/30
     ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠥᠳᠡᠭᠡ ᠲᠣᠰᠬᠤᠨ ᠤ ᠣᠳᠣᠬᠢᠴᠢᠯᠠᠯᠲᠠ᠂ ᠲᠠᠷᠢᠶᠠᠯᠠᠩ ᠤᠨ ᠮᠠᠰᠢᠨᠴᠢᠯᠠᠯᠲᠠ ᠪᠠ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠯᠠᠪᠳᠠᠭᠤᠨ ᠢᠶᠠᠷ ᠠᠬᠢᠭᠤᠯᠵᠤ᠂ ᠲᠠᠷᠢᠶᠠᠴᠢᠳ ᠲᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠨᠥᠬᠦᠪᠥᠷᠢ ᠶᠢ ᠡᠷᠬᠡ ᠲᠡᠭᠰᠢ ᠪᠠᠷ ᠬᠦᠷᠲᠡᠭᠡᠵᠦ᠂ ᠮᠠᠰᠢᠨ ᠪᠠᠭᠠᠵᠢ ᠶᠢᠨ ᠠᠵᠢᠯ ᠤᠨ ᠦᠷ᠎ᠡ ᠪᠦᠲᠦᠮᠵᠢ ᠪᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠪᠠᠲᠤᠯᠠᠬᠤ ᠶᠢᠨ ᠲᠥᠯᠥᠭᠡ᠂  ᠣᠶᠢᠷ᠎ᠠ ᠳᠤ᠂ ᠵᠠᠯᠠᠨ ᠠᠶᠢᠯ ᠬᠤᠲᠠ ᠶᠢᠨ ᠲᠠᠷᠢᠶᠠᠯᠠᠩ ᠤᠨ ᠮᠠᠰᠢᠨ ᠳᠡᠯᠭᠡᠷᠡᠭᠦᠯᠬᠦ ᠲᠥᠪ ᠠᠴᠠ ᠮᠡᠷᠭᠡᠵᠢᠯᠲᠡᠨ ᠲᠣᠮᠢᠯᠠᠨ ᠳ᠋ᠠ ᠾᠧ ᠸᠠᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠲᠠᠢ ᠲᠠᠷᠢᠶᠠᠯᠠᠩ ᠤᠨ ᠮᠠᠰᠢᠨ ᠤ ᠡᠷᠦᠬᠡ ᠳᠤ ᠬᠠᠭᠠᠯᠪᠤᠷᠢᠯᠠᠬᠤ ᠥᠬᠡᠶ ᠪᠠᠷ ᠦᠷ᠎ᠡ ᠰᠠᠴᠤᠬᠤ ᠮᠠᠰᠢᠨ ᠤ ᠠᠯᠤᠰ ᠠᠴᠠ ᠬᠢᠨᠠᠨ ᠬᠡᠮᠵᠢᠬᠦ ᠲᠥᠬᠦᠭᠡᠷᠦᠮᠵᠢ ᠶᠢ  ᠰᠦᠢᠳᠭᠡᠯ ᠬᠤᠷᠢᠶᠠᠬᠤ ᠥᠬᠡᠶ ᠪᠠᠷ ᠤᠭᠰᠠᠷᠠᠵᠤ ᠲᠤᠷᠰᠢᠨ ᠠᠵᠢᠯᠯᠠᠭᠤᠯᠬᠤ ᠠᠵᠢᠯ ᠢ ᠥᠷᠨᠢᠭᠦᠯᠪᠡ᠃        ᠤᠭᠰᠠᠷᠠᠬᠤ ᠲᠤᠬᠠᠶ ᠶᠢᠨ ᠲᠠᠯᠠᠪᠠᠶ ᠳᠤ᠂ ᠬᠤᠲᠠ ᠶᠢᠨ ᠮᠡᠷᠭᠡᠵᠢᠯ ᠤᠨ ᠠᠵᠢᠯᠲᠠᠨ ᠪᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠤᠭᠰᠠᠷᠠᠬᠤ ᠲᠥᠬᠦᠭᠡᠷᠦᠮᠵᠢ ᠶᠢᠨ ᠥᠯᠥ ᠬᠠᠭᠠᠯᠪᠤᠷᠢᠯᠠᠬᠤ ᠮᠠᠰᠢᠨ ᠤ ᠲᠤᠭ᠎ᠠ ᠬᠡᠮᠵᠢᠶ᠎ᠡ ᠶᠢ ᠳᠠᠩᠰᠠᠯᠠᠵᠤ᠂  ᠡᠭᠦᠨ ᠤ ᠬᠠᠮᠲᠤ ᠠᠵᠢᠯᠯᠠᠬᠤ ᠠᠯᠬᠤᠮ ᠳᠠᠷᠠᠭ᠎ᠠ ᠪᠠ ᠠᠩᠬᠠᠷᠬᠤ ᠵᠦᠢᠯ ᠳᠤ ᠬᠦᠯᠢᠴᠡᠩᠭᠦᠶ ᠪᠠᠷ ᠲᠤᠬᠠᠶ ᠶᠢᠨ ᠭᠠᠵᠠᠷ ᠲᠤᠨᠢ ᠵᠢᠱᠢᠶ᠎ᠡ ᠦᠵᠡᠭᠦᠯᠬᠦ ᠪᠠ ᠬᠠᠷᠢᠭᠤᠯᠲᠠ ᠥᠭᠴᠦ᠂ ᠣᠲᠣ ᠪᠣᠯᠲᠠᠯ᠎ᠠ᠂ ᠲᠣᠰ ᠪᠠᠯᠭᠠᠰᠤᠨ ᠳᠤ ᠨᠢᠭᠡᠨᠲᠡ ᠬᠠᠭᠠᠯᠪᠤᠷᠢᠯᠠᠬᠤ ᠥᠬᠡᠶ ᠪᠠᠷ ᠦᠷ᠎ᠡ ᠰᠠᠴᠤᠬᠤ ᠮᠠᠰᠢᠨ ᠤ ᠠᠯᠤᠰ ᠠᠴᠠ ᠪᠠᠶᠢᠴᠠᠭᠠᠨ ᠰᠢᠯᠭᠠᠬᠤ 101 ᠲᠥᠬᠦᠭᠡᠷᠦᠮᠵᠢ ᠶᠢ ᠤᠭᠰᠠᠷᠠᠭᠰᠠᠨ ᠪᠠᠶᠢᠨ᠎ᠠ᠃       ᠲᠣᠰ ᠤᠳᠠᠭᠠᠨ ᠤ ᠲᠥᠷᠥᠯ  ᠵᠦᠢᠯ ᠢ ᠬᠡᠷᠡᠭᠵᠢᠭᠦᠯᠦᠭᠰᠡᠨ ᠨᠢ ᠳ᠋ᠡ ᠾᠧ ᠸᠠᠨ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠶᠡᠭᠡ ᠪᠠᠷ ᠳᠥᠯᠭᠢᠨ ᠠᠬᠢᠭᠤᠯᠵᠤ᠂ ᠬᠠᠭᠠᠯᠪᠤᠷᠢᠯᠠᠬᠤ ᠥᠬᠡᠶ ᠪᠠᠷ ᠳᠠᠷᠢᠬᠤ ᠮᠠᠰᠢᠨ ᠢ  ᠭᠦᠢᠴᠡᠳ ᠬᠡᠷᠡᠭᠯᠡᠭᠰᠡᠨ ᠨᠢ ᠡᠰᠢ ᠰᠦᠷᠡᠯ ᠢ  ᠰᠢᠢᠳᠪᠦᠷᠢᠯᠡᠬᠦ ᠬᠦᠴᠢᠷ ᠠᠰᠠᠭᠤᠳᠠᠯ ᠢ  ᠰᠢᠢᠳᠪᠦᠷᠢᠯᠡᠵᠦ ᠴᠢᠳᠠᠭᠰᠠᠨ ᠢᠶᠠᠷ ᠪᠠᠷᠠᠬᠤ ᠥᠬᠡᠶ᠂ ᠪᠠᠰᠠ ᠭᠠᠵᠠᠷ ᠰᠢᠷᠣᠶ ᠶᠢ ᠤᠷᠪᠠᠭᠤᠯᠤᠨ ᠬᠠᠭᠠᠯᠪᠤᠷᠢᠯᠠᠭᠰᠠᠨ ᠠᠴᠠ ᠪᠣᠯᠤᠭᠰᠠᠨ ᠴᠢᠭᠢᠭ ᠤᠨ ᠪᠠᠶᠢᠳᠠᠯ ᠤᠨ ᠬᠤᠬᠢᠷᠠᠯ ᠢ ᠪᠠᠭᠠᠰᠬᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠳᠡᠭᠡᠭᠰᠢᠯᠡᠭᠦᠯᠦᠨ᠂ ᠲᠠᠷᠢᠶᠠᠯᠠᠩ ᠤᠨ  ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠳ᠋ᠠ ᠾᠧ ᠸᠠᠨ ᠪᠠᠯᠭᠠᠰᠤᠨ ᠤ ᠲᠠᠷᠢᠶᠠᠯᠠᠩ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号