ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠲᠤᠬᠠᠶ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ ᠣᠶᠢᠷ᠎ᠠ ᠳᠤ᠂ ᠵᠥᠩ ᠾᠧ | ᠪᠠᠯᠭᠠᠰᠤ ᠠᠶᠤᠯᠭᠦᠶ ᠦᠢᠯᠡᠳᠪᠦᠷᠢᠯᠡᠯ ᠵᠢᠴᠢ ᠬᠠᠩᠰᠢ ᠶᠢᠨ ᠬᠤᠭᠤᠴᠠᠭᠠᠨ ᠳᠠᠬᠢ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ | ᠪᠠᠭ ᠤᠨ ᠪᠥᠬᠦ ᠪᠦᠷᠢᠯᠳᠦᠬᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠬᠤᠷᠠᠯ ᠳᠤ ᠣᠷᠣᠯᠴᠠᠵᠠᠶ᠃ | ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶᠠᠩ ᠵᠢᠶᠦ᠋ᠨ ᠶᠦᠩ ᠡᠷᠭᠢᠯᠡᠵᠡᠶ᠃ | | ᠬᠤᠷᠠᠯ ᠳᠡᠭᠡᠷ᠎ᠡ᠂ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠧᠩ ᠵᠢᠶᠦ᠋ᠨ ᠮᠢᠩ | ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ ᠭᠠᠯ ᠰᠡᠷᠭᠡᠶᠢᠯᠡᠬᠦ ᠠᠵᠢᠯ ᠤᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠠᠯ ᠰᠡᠷᠭᠡᠶᠢᠯᠡᠬᠦ | ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ ᠵᠣᠬᠢᠴᠠᠩᠭᠤᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠠᠢ᠃ | | ᠵᠢᠶᠠᠩ ᠵᠢᠶᠦ᠋ᠨ ᠶᠦᠩ ᠵᠢᠭᠠᠵᠤ ᠭᠠᠷᠭᠠᠭᠰᠠᠨ ᠨᠢ᠂ ᠵᠠᠯᠠᠨ ᠠᠶᠢᠯ ᠬᠤᠲᠠ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠠᠯ ᠨᠡᠶᠢᠲᠡᠯᠡᠭᠰᠡᠨ ᠠᠴᠠ ᠨᠠᠰᠢ᠂ ᠡᠯ᠎ᠡ | ᠲᠣᠰᠬᠤᠨ᠂ ᠨᠡᠶᠢᠭᠡᠮ ᠲᠣᠭᠤᠷᠢᠭ ᠤᠨ ᠬᠢᠨ ᠢᠳᠡᠪᠬᠢᠲᠡᠶ ᠨᠠᠶᠢᠳᠠᠪᠤᠷᠢᠵᠢᠭᠤᠯᠵᠤ᠂ ᠡᠰᠢ ᠰᠦᠷᠡᠯ ᠢ ᠰᠢᠲᠠᠭᠠᠬᠤ ᠶᠢ | ᠰᠡᠷᠭᠡᠶᠢᠯᠡᠨ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠶ ᠢᠯᠠᠯᠲᠠ ᠣᠯᠤᠭᠰᠠᠨ ᠪᠠᠶᠢᠨ᠎ᠠ᠃ ᠭᠡᠪᠡᠴᠦ ᠭᠠᠯ | ᠰᠡᠷᠭᠡᠶᠢᠯᠡᠬᠦ ᠠᠮᠤᠷ ᠲᠦᠪᠰᠢᠨ ᠤ ᠠᠵᠢᠯ ᠨᠢ ᠲᠤᠭ ᠳᠠᠯᠪᠠᠭ᠎ᠠ ᠪᠠᠨ ᠬᠤᠷᠢᠶᠠᠵᠤ᠂ ︽ᠵᠡᠷ ᠵᠡᠪᠰᠡᠭ︾ ᠢ | ᠬᠥᠮᠥᠷᠭᠡ ᠳᠤ ᠣᠷᠣᠭᠤᠯᠬᠤ ᠴᠠᠭ ᠬᠠᠷᠠᠬᠠᠨ ᠪᠣᠯᠤᠭᠠᠳᠤᠶ ᠪᠠᠶᠢᠨ᠎ᠠ᠃ | | ᠵᠢᠶᠠᠩ ᠵᠢᠶᠦ᠋ᠨ ᠶᠦᠩ ᠴᠢᠬᠤᠯᠠᠴᠢᠯᠠᠭᠰᠠᠨ ᠨᠢ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ︽ᠵᠠᠮ ᠢ ᠰᠠᠬᠢᠵᠤ᠂ ᠠᠭᠤᠯᠠ ᠶᠢ ᠰᠠᠬᠢᠵᠤ᠂ ᠬᠥᠮᠦᠨ ᠢ | ᠬᠠᠷᠠᠵᠤ᠂ ᠭᠠᠯ ᠢ ᠰᠠᠶᠢᠲᠤᠷ ᠬᠠᠮᠢᠶᠠᠷᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠨᠢᠭᠡ ᠲᠠᠯ᠎ᠠ ᠪᠠᠷ᠂ ᠬᠠᠩᠰᠢ ᠶᠢᠨ | ᠡᠳᠦᠷ ᠤᠨ ᠲᠠᠬᠢᠯᠭ᠎ᠠ ᠶᠢᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠲᠠᠬᠢᠯᠭ᠎ᠠ ᠶᠢᠨ | ᠤᠬᠠᠮᠰᠠᠷ ᠲᠠᠢ ᠪᠣᠯᠭᠠᠵᠤ᠂ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠭᠠᠯ ᠤᠨ | ᠢᠷᠡᠯᠲᠡ ᠶᠢ ᠬᠠᠮᠢᠶᠠᠷᠤᠨ ᠡᠵᠡᠮᠳᠡᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠰᠠᠭᠤᠷᠢ ᠠᠵᠢᠯ ᠢ | ᠲᠠᠰᠤᠷᠠᠯᠲᠠ ᠥᠬᠡᠶ ᠴᠢᠩᠭᠠᠳᠬᠠᠵᠤ᠂ ᠭᠠᠯ ᠤᠨ ᠠᠶᠤᠯ ᠤᠨ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ | ᠠᠷᠢᠯᠭᠠᠬᠤ ᠬᠡᠷᠡᠭᠲᠡᠶ᠃ ᠨᠥᠭᠦᠭᠡ ᠲᠠᠯ᠎ᠠ ᠪᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠯ᠎ᠡ ᠵᠦᠢᠯ | ᠤᠨ ᠪᠡᠯᠡᠳᠬᠡᠯ ᠢ ᠰᠠᠶᠢᠲᠤᠷ ᠬᠢᠵᠦ᠂ ᠦᠳᠲᠡᠷ ᠲᠦᠷᠭᠡᠨ ᠳᠠᠭᠠᠬᠤ᠂ ᠥᠨᠳᠥᠷ ᠪᠦᠲᠦᠮᠵᠢᠲᠡᠶ ᠪᠠᠷ ᠭᠠᠯ | ᠤᠨᠲᠠᠷᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠠᠯᠠᠭ᠎ᠠ | ᠮᠥᠴᠢᠷ ᠲᠠᠢ ᠡᠷᠡᠰ ᠬᠠᠮᠵᠢᠯᠴᠠᠨ ᠬᠦᠨᠳᠦ ᠶᠡᠭᠡ ᠣᠨᠴᠠ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠭᠠᠮᠰᠢᠭ ᠢ ᠬᠤᠷᠢᠭᠯᠠᠨ ᠵᠣᠭᠰᠣᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠶ᠃ | | ᠲᠠᠷᠠᠭᠠᠴᠢ ᠶᠢᠨ ᠠᠯᠬᠤᠮ ᠳᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ︽ᠮᠢᠩᠭᠠᠨ ᠡᠷᠦᠬᠡ ᠪᠠᠷ | ᠶᠠᠪᠤᠵᠤ᠂ ᠲᠦᠮᠡᠨ ᠡᠷᠦᠬᠡ ᠪᠠᠷ ᠶᠠᠪᠤᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠤᠶᠠᠯᠳᠤᠭᠤᠯᠤᠨ᠂ | ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠪᠣᠯᠪᠠᠰᠤᠨ | ᠲᠠᠬᠢᠯᠭ᠎ᠠ ᠶᠢ ᠰᠠᠨᠠᠭᠠᠴᠢᠯᠠᠵᠤ᠂ ᠬᠠᠩᠰᠢ ᠶᠢᠨ ᠬᠤᠭᠤᠴᠠᠭᠠᠨ ᠳᠤ ᠭᠠᠯ ᠳᠦᠷᠡᠯᠵᠡᠭᠦᠯᠬᠦ ᠥᠬᠡᠶ᠂ ᠤᠲᠤᠭ᠎ᠠ | ᠪᠠᠭᠢᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ |