ᠰᠢᠩ ᠬᠤᠸᠠ ᠵᠡᠭᠡᠯᠢ ᠭᠤᠳᠤᠮᠵᠢ ᠳᠤ ︽ᠪᠣᠯᠪᠠᠰᠤᠨ ᠡᠷᠡᠭᠦᠯ ᠴᠢᠭᠢᠷᠠᠭ ᠨᠢ ᠰᠡᠳᠬᠢᠯ ᠠᠴᠠ ᠡᠬᠢᠯᠡᠨ᠎ᠡ︾ ᠭᠡᠬᠦ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/12
      ᠰᠢ ᠶᠢᠨ ᠫᠢᠩ ᠶᠡᠷᠦᠩᠬᠡᠶ ᠱᠦᠵᠢ ᠶᠢᠨ ︽ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠶᠡᠬᠡᠪᠡᠷ ᠥᠷᠨᠢᠭᠦᠯᠵᠦ᠂ ᠪᠣᠯᠪᠠᠰᠤᠨ ᠡᠷᠡᠭᠦᠯ᠂ ᠪᠣᠬᠢᠷᠲᠤᠯ ᠦᠭᠡᠶ ᠣᠷᠴᠢᠨ ᠠᠬᠤᠶ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢᠶᠠᠷ ᠢᠶᠠᠨ ᠪᠣᠯᠪᠠᠰᠤᠨ ᠡᠷᠡᠭᠦᠯ᠂ ᠪᠣᠬᠢᠷᠲᠤᠯ ᠦᠭᠡᠶ ᠣᠷᠴᠢᠨ ᠠᠬᠤᠶ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠣᠯᠭᠠᠬᠤ ᠶᠢ ᠳᠥᠯᠭᠢᠨ ᠠᠬᠢᠭᠤᠯᠬᠤ ᠶᠢᠨ ᠲᠥᠯᠥᠭᠡ᠂  4 ᠰᠠᠷ᠎ᠠ  ᠶᠢᠨ  8      ᠤ ᠡᠳᠦᠷ᠂ ᠰᠢᠩ ᠬᠤᠸᠠ ᠵᠡᠭᠡᠯᠢ ᠭᠤᠳᠤᠮᠵᠢ ᠲᠢᠶᠠᠨ ᠪᠠᠶ ᠱᠠᠨ ᠠᠭᠤᠳᠠᠮ ᠲᠠᠯᠠᠪᠠᠶ ᠳᠤ ︽ᠪᠣᠯᠪᠠᠰᠤᠨ ᠡᠷᠡᠭᠦᠯ ᠮᠡᠨᠳᠦ ᠨᠢ ᠰᠡᠳᠬᠢᠯ ᠠᠴᠠ ᠡᠬᠢᠯᠡᠨ᠎ᠡ︾ ᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠢ ᠤᠷᠢᠵᠤ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠯᠭᠡᠵᠦ᠂ ᠰᠠᠭᠤᠭᠠᠯᠢ ᠠᠷᠠᠳ ᠲᠤ ᠪᠣᠯᠪᠠᠰᠤᠨ ᠡᠷᠡᠭᠦᠯ ᠮᠡᠨᠳᠦ᠂ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠬᠤ᠂ ᠡᠪᠡᠳᠴᠢᠨ ᠬᠠᠯᠳᠠᠪᠤᠷᠢᠯᠠᠵᠤ ᠬᠢᠵᠢᠭ ᠢ ᠰᠡᠷᠭᠡᠶᠢᠯᠡᠬᠦ ᠪᠠ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠤᠬᠠᠶ ᠶᠢᠨ ᠲᠠᠯᠠᠪᠤᠷ ᠲᠤᠨᠢ  ᠣᠬᠠᠭᠤᠯᠪᠠ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠩ ᠬᠤᠸᠠ ᠵᠡᠭᠡᠯᠢ ᠭᠤᠳᠤᠮᠵᠢ ᠶᠢᠨ ᠰᠢᠤᠱᠦ᠋ᠢ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠠᠩᠬᠢ ᠶᠢᠨ ᠬᠢᠨ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠲᠤ ᠪᠡᠶ᠎ᠡ ᠴᠢᠭᠢᠷᠠᠭᠵᠢᠭᠤᠯᠬᠤ ᠲᠠᠮᠢᠷ ᠤᠨ ᠲᠣᠭᠯᠠᠯᠲᠠ ᠭᠠᠷᠭᠠᠵᠤ᠂ ᠠᠵᠢᠯᠲᠠᠳ ᠬᠠᠷᠢᠶ᠎ᠠ ᠣᠷᠣᠨ ᠤ ᠪᠠᠨ ᠤᠯᠠᠨ ᠲᠦᠮᠡᠨ ᠳᠤ ᠰᠢᠨᠵᠢᠯᠡᠬᠦ ᠤᠬᠠᠭᠠᠨ ᠤ ᠬᠡᠪ ᠴᠢᠨᠠᠷ ᠤᠨ ᠤᠩᠰᠢᠬᠤ ᠪᠢᠴᠢᠭ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠰᠠᠨᠠᠭᠠᠴᠢᠯᠠᠭ᠎ᠠ ᠶᠢᠨ ᠪᠢᠴᠢᠭ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠬᠤᠭ ᠨᠣᠪᠰᠢ ᠶᠢ ᠲᠦᠷᠦᠯ ᠬᠤᠪᠢᠶᠠᠬᠤ ᠲᠣᠪᠴᠢ ᠵᠢᠯᠤᠭᠤᠳᠤᠯᠭ᠎ᠠ ᠶᠢᠨ ᠭᠠᠷ ᠳᠡᠪᠲᠡᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ ᠲᠤᠬᠠᠶ ᠶᠢᠨ ᠲᠠᠯᠠᠪᠤᠷ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ︽ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠬᠤ᠂ ᠴᠢ ᠪᠢᠳᠡ ᠬᠠᠮᠲᠤ ᠪᠠᠷ ᠤᠷᠤᠭᠰᠢᠯᠠᠬᠤ︾ ᠢᠳᠡᠷᠡᠭᠦᠨ ᠠᠯᠬᠤᠬᠤ ᠠᠵᠢᠯᠯᠠᠭ᠎ᠠ ᠳᠤ ᠣᠷᠣᠯᠴᠠᠭᠤᠯᠤᠨ᠎ᠠ᠃             ᠲᠣᠰ ᠤᠳᠠᠭᠠᠨ ᠤ ᠠᠵᠢᠯᠯᠠᠭ᠎ᠠ ᠳᠤ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ᠂ ᠡᠷᠡᠭᠦᠯ ᠴᠢᠭᠢᠷᠠᠭ᠂ ᠪᠣᠯᠪᠠᠰᠤᠨ ᠰᠢᠨ᠎ᠡ ᠬᠡᠪ ᠰᠤᠷᠲᠠᠯ ᠢ ᠰᠠᠨᠠᠭᠠᠴᠢᠯᠠᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠢ ᠡᠭᠡᠯ ᠠᠷᠠᠳ ᠤᠨ ᠠᠮᠢᠳᠤᠷᠠᠯ᠂ ᠬᠡᠷ ᠪᠦᠯᠢ ᠳᠤ ᠭᠦᠨᠵᠡᠭᠡᠶᠢᠷᠡᠭᠦᠯᠦᠭᠰᠡᠨ ᠪᠠᠶᠢᠨ᠎ᠠ᠃ ᠬᠤᠶᠢᠰᠢᠳᠠ᠂ ᠰᠢᠩ ᠬᠤᠸᠠ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠠᠰᠢᠭ ᠭᠥᠷᠳᠡᠬᠦ ᠬᠡᠪᠴᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号