ᠲᠢᠶᠧ  ᠳ᠋ᠦᠩ ᠵᠡᠭᠡᠯᠢ ᠭᠤᠳᠤᠮᠵᠢ  ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2021/4/12
    ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠦᠭᠡᠢ ᠣᠷᠴᠢᠨ ᠠᠬᠤᠶ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 4  ᠰᠠᠷ᠎ᠠ  ᠶᠢᠨ 9      ᠤ ᠡᠳᠦᠷ᠂ ᠡᠦ ᠯᠢ ᠨᠡᠶᠢᠭᠡᠮ ᠲᠣᠭᠤᠷᠢᠭ ᠤᠨ ᠬᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ  ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃            ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠪᠠᠨ ᠤᠬᠠᠭᠤᠯᠭ᠎ᠠ ᠶᠢᠨ ᠪᠤᠯᠤᠩ ᠤᠨ ᠢᠯᠡᠷᠬᠡᠶ ᠪᠠᠶᠢᠷᠢᠨ ᠳᠤ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠬᠠᠭᠤᠯᠭ᠎ᠠ ᠶᠢᠨ ᠤᠷᠢᠶ᠎ᠠ ᠶᠢ ᠵᠢᠷᠤᠵᠤ ᠲᠥᠯᠥᠪᠯᠡᠨ᠂ ᠵᠠᠮ ᠥᠩᠭᠡᠷᠡᠬᠦ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ ᠥᠭᠴᠦ᠂ ᠬᠠᠷᠢᠶ᠎ᠠ ᠣᠷᠣᠨ ᠤ ᠰᠠᠭᠤᠭᠠᠯᠢ ᠠᠷᠠᠳ ᠯᠤᠭ᠎ᠠ ᠡᠨᠧᠷᠭᠢ ᠠᠷᠪᠢᠯᠠᠵᠤ ᠬᠤᠷᠣᠭᠳᠠᠭᠤᠯᠭ᠎ᠠ ᠶᠢ ᠪᠠᠭᠠᠰᠬᠠᠬᠤ ᠤᠷᠠᠨ ᠠᠷᠭ᠎ᠠ᠂ ᠶᠡᠷᠦ ᠶᠢᠨ ᠮᠡᠳᠡᠯᠭᠡ ᠶᠢ ᠬᠤᠪᠢᠶᠠᠯᠴᠠᠨ ᠡᠳ᠋ᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠤᠯᠠᠮ ᠨᠢᠭᠡ ᠠᠯᠬᠤᠮ ᠳᠠᠶᠢᠴᠢᠯᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠡᠨᠧᠷᠭᠢ ᠠᠷᠪᠢᠯᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠤᠬᠠᠮᠰᠠᠷ ᠠᠴᠠ ᠪᠠᠨ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ  ᠪᠣᠢ ᠪᠣᠯᠭᠠᠨ᠎ᠠ᠃           ᠡᠨᠡ ᠤᠳᠠᠭᠠᠨ ᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠭᠤᠯᠵᠤ᠂ ᠰᠠᠭᠤᠭᠠᠯᠢ ᠠᠷᠠᠳ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠠᠯ᠎ᠠ ᠶᠢᠨ ᠮᠡᠳᠡᠯᠭᠡ ᠶᠢ ᠪᠠᠶᠠᠯᠢᠭᠵᠢᠭᠤᠯᠤᠭᠰᠠᠨ ᠪᠠᠶᠢᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠶ ᠶᠢ ᠬᠠᠮᠠᠭᠠᠯᠠᠬᠤ ᠨᠡᠶᠢᠭᠡᠮ ᠲᠣᠭᠤᠷᠢᠭ ᠢ ᠪᠦᠳᠦᠭᠡᠨ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ  ᠦᠭᠴᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号