ᠬᠠᠶᠢᠷ᠎ᠠ ᠶᠢᠨ ᠭᠡᠷᠡᠯ ᠵᠢᠵᠢᠭ ᠪᠠᠯᠭᠠᠰᠣ ᠶᠢ ᠰᠠᠴᠤᠷᠠᠭᠤᠯᠵᠤ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ — ᠴᠢᠩᠭᠢᠰ ᠬᠠᠭᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/12
       ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠶᠢᠨ ᠲᠥᠯᠥᠭᠡ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠠᠵᠢᠯ ᠤᠨ ᠬᠥᠳᠡᠯᠭᠡᠬᠦ ᠬᠦᠴᠦᠨ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃  ᠴᠢᠩᠭᠢᠰ ᠬᠠᠭᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠭᠠᠵᠠᠷ ᠤᠨ ᠺᠠᠳ᠋ᠷᠴᠤᠳ ᠰᠡᠳᠬᠢᠬᠦᠶ ᠶᠢᠨ ᠠᠷᠭ᠎ᠠ ᠮᠠᠶ᠋ᠢᠭ ᠪᠠ ᠠᠵᠢᠯ ᠤᠨ ᠠᠷᠭ᠎ᠠ ᠮᠠᠶ᠋ᠢᠭ ᠢᠶᠠᠨ ᠢᠳᠡᠪᠬᠢᠲᠡᠶ ᠪᠠᠷ ᠬᠤᠪᠢᠷᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶ ᠠᠵᠢᠯ ᠲᠠᠢ ᠤᠶᠠᠯᠳᠤᠭᠤᠯᠤᠨ᠂ ᠣᠯᠠᠨ ᠲᠦᠮᠡᠨ ᠳᠤ ᠨᠠᠩ ᠰᠠᠶᠢᠨ ᠶᠠᠪᠤᠳᠠᠯ᠂ ᠪᠣᠳᠠᠲᠠᠶ ᠶᠠᠪᠤᠳᠠᠯ᠂ ᠬᠦᠴᠢᠷ ᠠᠰᠠᠭᠤᠳᠠᠯ ᠢ  ᠰᠢᠢᠳᠪᠦᠷᠢᠯᠡᠵᠦ ᠥᠭᠬᠦ ᠪᠠᠷ ᠴᠢᠷᠮᠠᠶᠢᠵᠤ ᠪᠠᠶᠢᠨ᠎ᠠ᠃         4  ᠰᠠᠷ᠎ᠠ  ᠶᠢᠨ  7      ᠤ  ᠡᠳᠦᠷ᠂ ᠴᠢᠩᠭᠢᠰ ᠬᠠᠭᠠᠨ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠲᠠᠢ ᠬᠠᠮᠵᠢᠯᠴᠠᠨ ᠬᠥᠯᠥᠨ ᠪᠤᠶᠢᠷ ᠤᠨ  ᠠᠢ ᠡᠯ ᠨᠢᠳᠦᠨ ᠰᠠᠯᠠᠭᠠᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠮᠠᠨ ᠤ ᠪᠠᠯᠭᠠᠰᠤᠨ ᠤ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠨ ᠵᠢᠴᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠳᠡᠩᠰᠡᠯᠡᠨ ᠺᠠᠷᠲᠯᠠᠭᠰᠠᠨ ᠡᠷᠦᠬᠡ᠂ ᠬᠤᠲᠠ ᠬᠥᠳᠡᠭᠡ ᠶᠢᠨ ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠡᠶ ᠡᠷᠦᠬᠡ ᠶᠢᠨ ᠴᠠᠭᠠᠨ ᠬᠠᠷᠠᠩ᠂ ᠵᠢᠭᠦᠷ ᠬᠡᠯᠪᠡᠷᠢᠲᠦ ᠮᠢᠬᠠᠨ ᠤ ᠡᠮᠨᠡᠯᠭᠡ ᠶᠢᠨ ᠬᠤᠷᠢᠶ᠎ᠠ ᠳᠤ  ᠰᠦᠢᠳᠭᠡᠯ ᠬᠤᠷᠢᠶᠠᠬᠤ ᠥᠬᠡᠶ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃         ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠤᠷ ᠲᠤ᠂ ᠬᠥᠯᠥᠨ ᠪᠤᠶᠢᠷ ᠤᠨ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠡᠮᠴᠢ ᠨᠡᠷ ᠡᠪᠡᠳᠴᠢᠲᠡᠨ ᠤ ᠡᠪᠡᠳᠴᠢᠨ ᠤ ᠪᠠᠶᠢᠳᠠᠯ ᠢ ᠬᠦᠯᠢᠴᠡᠩᠭᠦᠶ ᠪᠠᠷ ᠠᠰᠠᠭᠤᠨ ᠯᠠᠪᠯᠠᠵᠤ ᠨᠠᠷᠢᠨ ᠨᠢᠮᠪᠠᠶ ᠪᠠᠶᠢᠴᠠᠭᠠᠭᠰᠠᠨ ᠢᠶᠠᠷ ᠪᠠᠷᠠᠬᠤ ᠥᠬᠡᠶ ᠪᠠᠰᠠ ᠲᠤᠬᠠᠶ ᠶᠢᠨ ᠲᠠᠯᠠᠪᠤᠷ ᠲᠤ ᠪᠠᠶᠢᠭᠰᠠᠨ ᠰᠠᠭᠤᠭᠠᠯᠢ ᠠᠷᠠᠳ ᠲᠤ ᠨᠢᠳᠦᠨ ᠤ ᠬᠠᠮᠠᠭᠠᠯᠠᠯᠲᠠ ᠶᠢᠨ ᠨᠠᠷᠢᠨ ᠵᠢᠯᠣᠭᠤᠳᠣᠯᠭ᠎ᠠ ᠬᠢᠵᠦ᠂ ᠰᠠᠭᠤᠭᠠᠯᠢ ᠠᠷᠠᠳ ᠤᠨ ᠡᠷᠡᠭᠦᠯ  ᠴᠢᠬᠢᠷᠠᠭ ᠢ ᠡᠳ᠋ᠯᠡᠬᠦ ᠶᠢᠨ ᠬᠠᠮᠲᠤ ᠪᠠᠰᠠ ᠵᠣᠬᠢᠬᠤ ᠡᠷᠡᠭᠦᠯ ᠮᠡᠨᠳᠦ ᠶᠢᠨ ᠮᠡᠳᠡᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠴᠠᠭᠠᠨ ᠬᠠᠷᠠᠩ ᠢ ᠰᠢᠭᠰᠢᠨ ᠪᠠᠶᠢᠴᠠᠭᠠᠬᠤ ᠪᠠᠷ ᠢᠷᠡᠭᠰᠡᠨ ᠬᠦᠮᠦᠰ ᠲᠦᠢᠯ ᠢᠶᠠᠷ ᠣᠯᠠᠨ ᠪᠣᠢ᠃         ᠲᠣᠰ ᠤᠳᠠᠭᠠᠨ ᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠳᠤ᠂ ᠴᠢᠩᠭᠢᠰ ᠬᠠᠭᠠᠨ ᠪᠠᠯᠭᠠᠰᠤ᠂ ᠴᠢᠩᠭᠢᠰ ᠬᠠᠭᠠᠨ ᠤ ᠮᠠᠯᠵᠢᠯ ᠤᠨ ᠲᠠᠯᠠᠪᠠᠶ ᠶᠢᠨ 68 ᠬᠥᠮᠦᠨ ᠳᠤ ᠠᠯᠪᠠᠨ ᠵᠢᠷᠤᠮ ᠤᠨ ᠡᠮᠴᠢᠯᠡᠭᠡ ᠬᠢᠵᠦ᠂ 28 ᠴᠠᠭᠠᠨ ᠬᠠᠷᠠᠩ ᠤᠨ ᠡᠪᠡᠳᠴᠢᠲᠡᠨ ᠢ ᠪᠠᠶᠢᠴᠠᠭᠠᠨ ᠭᠠᠷᠭᠠᠵᠠᠶ᠃ ᠡᠭᠦᠨ ᠤ ᠬᠠᠮᠲᠤ ᠴᠠᠭᠠᠨ ᠬᠠᠷᠠᠩ ᠤᠨ ᠮᠡᠰᠡ ᠵᠠᠰᠠᠯ ᠬᠢᠬᠦ ᠳᠤ ᠲᠣᠬᠢᠷᠠᠮᠵᠢᠲᠠᠶ ᠡᠪᠡᠳᠴᠢᠲᠡᠨ ᠳᠤ ᠨᠠᠷᠢᠨ ᠲᠣᠳᠣᠷᠬᠠᠶ ᠳᠠᠩᠰᠠᠯᠠᠯᠲᠠ ᠬᠢᠵᠦ᠂ ᠡᠪᠡᠳᠴᠢᠲᠡᠨ ᠤ ᠡᠮᠨᠡᠯᠭᠡ ᠳᠤ ᠬᠦᠷᠴᠦ ᠨᠡᠩ ᠰᠠᠶᠢᠨ ᠡᠮᠴᠢᠯᠡᠭᠡ ᠬᠢᠬᠦ ᠶᠢ ᠪᠠᠲᠤᠯᠠᠪᠠ᠃         ᠴᠢᠩᠭᠢᠰ ᠬᠠᠭᠠᠨ ᠪᠠᠯᠭᠠᠰᠤ ᠨᠢ ᠣᠯᠠᠨ ᠲᠦᠮᠡᠨ ᠤ ᠪᠣᠳᠠᠰ ᠤᠨ ᠠᠮᠢᠳᠤᠷᠠᠯ ᠤᠨ ᠨᠥᠬᠦᠴᠡᠯ ᠢ ᠠᠩᠬᠠᠷᠬᠤ ᠪᠠᠷ ᠪᠠᠷᠠᠬᠤ ᠥᠬᠡᠶ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠨᠠᠩ ᠢᠯᠡᠭᠦᠤ ᠴᠢᠬᠤᠯᠠᠴᠢᠯᠠᠳᠠᠭ᠃ ᠲᠣᠰ ᠤᠳᠠᠭᠠᠨ ᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠬᠡᠷᠡᠯ ᠭᠡᠭᠡ ᠠᠪᠴᠢᠷᠠᠭᠰᠠᠨ ᠤ ᠬᠠᠮᠲᠤ ᠪᠠᠰᠠ ᠥᠷᠭᠡᠨ ᠣᠯᠠᠨ ᠲᠦᠮᠡᠨ ᠳᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠦᠷᠲᠡᠭᠡᠭᠰᠡᠨ ᠪᠠᠶᠢᠨ᠎ᠠ᠃ ᠴᠢᠩᠭᠢᠰ ᠬᠠᠭᠠᠨ ᠪᠠᠯᠭᠠᠰᠤ ᠦᠷᠭᠦᠯᠵᠢᠯᠡᠨ ᠣᠯᠠᠨ ᠲᠦᠮᠡᠨ ᠤ ᠠᠮᠢᠳᠤᠷᠠᠯ ᠤᠨ ᠪᠣᠳᠠᠲᠤ ᠱᠠᠭᠠᠷᠳᠠᠯᠭ᠎ᠠ ᠠᠴᠠ ᠡᠭᠦᠰᠴᠦ᠂ ᠠᠷᠠᠳ ᠤᠨ ᠪᠠᠶᠢᠳᠠᠯ ᠢ ᠣᠶᠢᠯᠠᠭᠠᠵᠤ᠂ ᠪᠣᠳᠠᠲᠠᠶ ᠠᠵᠢᠯ ᠬᠢᠵᠦ᠂ ᠰᠢᠨ᠎ᠡ ᠪᠠᠶᠢᠳᠠᠯ ᠢ ᠪᠣᠶ ᠪᠣᠯᠭᠠᠬᠤ ᠶᠢ ᠦᠨᠡᠨᠬᠦ ᠪᠡᠶᠡᠯᠡᠭᠦᠯᠦᠨ᠎ᠡ ᠭᠡᠵᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号