︽ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ︾  ᠹᠠᠨ ᠷᠥᠩ ᠵᠡᠭᠡᠯᠢ ᠭᠤᠳᠤᠮᠵᠢ ᠶᠢᠨ ᠭᠤᠸᠠᠩ ᠮᠢᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ  ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/14
     2021 ᠣᠨ ᠤ 4 ᠰᠠᠷ᠎ᠠ ᠪᠣᠯ 33 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠤᠨ᠎ᠠ᠂ ᠰᠠᠭᠤᠭᠠᠯᠢ ᠠᠷᠠᠳ ᠤᠨ ᠪᠣᠯᠪᠠᠰᠤᠨ ᠡᠷᠡᠭᠦᠯ ᠮᠡᠨᠳᠦ ᠶᠢᠨ ᠤᠬᠠᠮᠰᠠᠷ ᠪᠣᠯᠤᠨ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠵᠢᠴᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠤᠯᠤᠰ ᠢᠶᠠᠨ ᠬᠠᠶᠢᠷᠠᠯᠠᠬᠤ  ᠪᠠ ᠡᠷᠡᠭᠦᠯ ᠬᠠᠮᠠᠭᠠᠯᠠᠯ ᠤᠨ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠵᠣ᠂ ᠠᠷᠢᠭᠤᠨ ᠴᠡᠪᠡᠷ᠂ ᠭᠤᠶᠣ ᠰᠠᠶᠢᠬᠠᠨ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃  ᠹᠠᠨ ᠷᠥᠩ ᠵᠡᠭᠡᠯᠢ ᠭᠤᠳᠤᠮᠵᠢ ᠶᠢᠨ ᠭᠤᠸᠠᠩ ᠮᠢᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ  ᠰᠠᠷ᠎ᠠ ᠭᠡᠬᠦ ᠣᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃         ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠪᠣᠯᠪᠠᠰᠤᠨ ᠡᠷᠡᠭᠦᠯ ᠮᠡᠨᠳᠦ᠂ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ︾ ᠪᠠᠷ ᠭᠤᠤᠯ ᠰᠡᠳᠦᠪ ᠪᠣᠯᠭᠠᠵᠤ᠂  ᠨᠠᠭᠠᠰᠢ ᠴᠠᠭᠠᠰᠢ ᠥᠩᠭᠡᠷᠡᠬᠦ ᠰᠠᠭᠤᠭᠠᠯᠢ ᠠᠷᠠᠳ ᠪᠠ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠪᠣᠯᠪᠠᠰᠤᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠵᠤ᠂ ᠬᠡᠷᠬᠢᠨ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠣᠯᠠᠨ ᠲᠦᠮᠡᠨ ᠳᠤ ᠬᠤᠯᠤᠭᠠᠨ᠎ᠠ ᠶᠢᠨ ᠬᠢᠵᠢᠭ ᠤᠨ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠡᠪᠡᠳᠴᠢᠨ ᠰᠡᠷᠭᠡᠶᠢᠯᠡᠬᠦ ᠤᠬᠠᠮᠰᠠᠷ ᠢ ᠨᠢ  ᠳᠡᠭᠡᠭᠰᠢᠯᠡᠭᠦᠯᠪᠡ᠃ ᠰᠠᠭᠤᠭᠠᠯᠢ ᠠᠷᠠᠳ  ᠢ ᠳᠡᠷᠭᠡᠳᠡᠬᠢ ᠵᠢᠵᠢᠭ ᠣᠷᠴᠢᠨ ᠲᠣᠭᠤᠷᠢᠨ ᠢᠶᠠᠨ ᠬᠠᠶᠢᠷᠠᠯᠠᠬᠤ ᠠᠴᠠ ᠡᠬᠢᠯᠡᠨ ᠬᠢᠬᠦ ᠶᠢ ᠰᠠᠨᠠᠭᠠᠴᠢᠯᠠᠵᠤ᠂ ᠪᠣᠯᠪᠠᠰᠤᠨ ᠡᠷᠡᠭᠦᠯ ᠮᠡᠨᠳᠦ ᠶᠢᠨ ᠠᠵᠢᠯᠯᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠢᠳᠡᠪᠬᠢᠲᠡᠢ ᠣᠷᠣᠯᠴᠠᠵᠤ᠂ ︽ᠳᠦᠷᠪᠡᠨ ᠬᠤᠣᠷ︾ ᠡᠭᠦᠰᠦᠭᠰᠡᠨ ᠭᠠᠵᠠᠷ ᠢ ᠴᠡᠪᠡᠷᠯᠡᠵᠦ᠂ ᠠᠷᠢᠭᠤᠨ ᠴᠡᠪᠡᠷ ᠪᠤᠰᠤ ᠠᠮᠢᠳᠤᠷᠠᠯ ᠤᠨ ᠳᠠᠳᠬᠠᠯ  ᠢᠶᠠᠨ ᠲᠠᠶᠠᠭᠳᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠤᠢ  ᠪᠣᠯᠭᠠᠬᠤ ᠶᠢ ᠰᠠᠨᠠᠭᠠᠴᠢᠯᠠᠪᠠ᠃         ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠠᠪᠰᠤᠷᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠂ ᠲᠡᠳᠡᠨ ᠤ ᠪᠣᠯᠪᠠᠰᠤᠨ ᠡᠷᠡᠭᠦᠯ ᠮᠡᠨᠳᠦ ᠶᠢᠨ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠢ ᠠᠯᠬᠤᠮ ᠠᠯᠬᠤᠮ ᠢᠶᠠᠷ ᠪᠦᠷᠢᠯᠳᠦᠭᠦᠯᠦᠨ ᠪᠣᠶ ᠪᠣᠯᠭᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠡᠷᠬᠢᠮᠯᠡᠨ ᠳᠡᠭᠡᠳᠦᠯᠡᠬᠦ ᠪᠣᠯᠭᠠᠵᠠᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号