ᠳ᠋ᠠ ᠾᠧ ᠸᠠᠨ ᠪᠠᠯᠭᠠᠰᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠡᠢ
ᠨᠡᠶᠢᠲᠡᠯᠡᠭᠰᠡᠨ ᠴᠠᠭ᠄
2021/4/14
     ᠳᠡᠭᠡᠳᠦ ᠱᠠᠲᠤᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ︾ ᠱᠠᠭᠠᠷᠳᠠᠯᠭ᠎ᠠ ᠶᠢ ᠦᠢᠯᠡᠳᠦᠯᠭᠡᠵᠢᠭᠦᠯᠬᠦ ᠶᠢᠨ ᠲᠥᠯᠥᠭᠡ᠂ ᠳ᠋ᠠ ᠾᠧ ᠸᠠᠨ ᠪᠠᠯᠭᠠᠰᠤ ︽ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠠᠢ ᠶᠠᠪᠤᠳᠠᠯ ᠬᠢᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ ᠰᠢᠨ᠎ᠡ ᠵᠠᠮ ᠨᠡᠭᠡᠭᠡᠬᠦ︾ ᠪᠠᠷ ᠭᠤᠣᠯ ᠰᠢᠵᠢᠮ ᠪᠣᠯᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠪᠠ᠃            ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯ ᠢ ᠥᠷᠨᠢᠭᠦᠯᠬᠦ ᠶᠠᠪᠤᠴᠠ ᠳᠤ᠂ ᠳ᠋ᠠ ᠾᠧ ᠸᠠᠨ ᠪᠠᠯᠭᠠᠰᠤ ᠶᠢᠨ ᠬᠢᠨ ᠢᠳᠡᠪᠬᠢᠲᠡᠢ ᠪᠠᠷ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠲᠣᠰᠬᠤᠨ ︵ᠰᠠᠭᠤᠭᠠᠯᠢ ᠠᠷᠠᠳ︶ ᠢ ᠵᠣᠬᠢᠶᠠᠨ ᠪᠠᠶᠢᠭᠤᠯᠤᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠯᠢ ᠤᠯᠠᠨ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠵᠡᠢ᠃ ᠤᠯᠠᠨ ᠲᠦᠮᠡᠨ ᠤ ᠳᠤᠮᠳᠠ ᠭᠦᠨᠵᠡᠭᠡᠶᠢᠷᠡᠬᠦ ᠂ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠪᠠᠶᠢᠳᠠᠯ ᠢ ᠡᠵᠡᠮᠳᠡᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠶᠢᠨ ᠬᠠᠮᠲᠤ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢ ᠡᠮᠬᠢᠯᠡᠵᠦ᠂ ︽ᠳ᠋ᠠ ᠾᠧ ᠸᠠᠨ ᠪᠠᠯᠭᠠᠰᠤ ᠶᠢᠨ < ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ > ᠶᠢᠨ ᠦᠢᠯᠡᠳᠦᠯᠭᠡ ᠶᠢᠨ ᠠᠵᠢᠯᠯᠠᠭ᠎ᠠ ᠶᠢ < ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ >ᠬᠡᠷᠡᠭᠵᠢᠭᠦᠯᠬᠦ ᠲᠥᠯᠥᠪᠯᠡᠭᠡ ᠶᠢ ᠲᠦᠯᠬᠢᠨ ᠠᠬᠢᠭᠤᠯᠬᠤ ᠬᠦᠰᠦᠨᠦᠭᠲᠦ︾ ᠶᠢ ᠲᠣᠭᠲᠠᠭᠠᠪᠠ᠃ ᠣᠲᠣ ᠪᠣᠯᠲᠠᠯ᠎ᠠ᠂ < ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ >ᠣᠯᠠᠨ ᠲᠦᠮᠡᠨ ᠤ ᠰᠠᠨᠠᠯ ᠢ ᠨᠡᠶᠢᠲᠡ 41  ᠵᠣᠷᠪᠣᠰ ᠴᠤᠭᠯᠠᠭᠤᠯᠵᠤ᠂ ᠣᠲᠣ ᠨᠢᠭᠡᠨᠲᠡ 9  ᠵᠣᠷᠪᠣᠰ ᠢ ᠪᠡᠶᠡᠯᠡᠭᠦᠯᠵᠦ < ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ >᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ < ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ >            ᠳᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠶᠢᠨ ᠬᠢᠨ ᠰᠠᠭᠤᠭᠠᠯᠢ ᠠᠷᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ ᠡᠮᠬᠢᠯᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠢᠭᠡᠳ ᠨᠢᠭᠡ ᠪᠠᠷ ᠬᠠᠷᠢᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ  ᠪᠠᠲᠣᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号