︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠶ᠎ᠡ︾ ᠴᠢᠩᠭᠢᠰ ᠬᠠᠭᠠᠨ ᠪᠠᠯᠭᠠᠰᠤ ᠰᠢᠨ᠎ᠡ ᠨᠢᠭᠡ ᠡᠭᠡᠯᠵᠢ ᠶᠢᠨ  ᠬᠠᠮᠤᠭ  ᠳᠣᠣᠷ᠎ᠠ ᠠᠮᠢᠳᠣᠷᠠᠯ  ᠤᠨ ᠪᠠᠲᠤᠯᠠᠭ᠎ᠠ ᠶᠢᠨ ᠡᠷᠦᠬᠡ ᠳᠤ ᠣᠷᠣᠬᠤ ᠶᠢ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠵᠡᠶ
ᠨᠡᠶᠢᠲᠡᠯᠡᠭᠰᠡᠨ ᠴᠠᠭ᠄
2021/4/14
     ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠢᠩᠭᠢᠰ ᠬᠠᠭᠠᠨ ᠪᠠᠯᠭᠠᠰᠤᠨ ᠤ ᠬᠢᠨ ᠣᠯᠠᠨ ᠲᠦᠮᠡᠨ ᠤ ︽ᠪᠠᠴᠢᠮᠳᠠᠵᠤ ᠵᠣᠪᠠᠭ᠋ᠤ︾ ᠠᠰᠠᠭᠤᠳᠠᠯ ᠤᠨ ᠲᠣᠭᠤᠷᠢᠨ ᠳᠤ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠨᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠤᠨ ᠶᠡᠭᠡ ᠲᠠᠯ᠎ᠠ ᠳᠤ ᠬᠤᠯᠪᠣᠭᠳᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ  ᠢ ᠪᠠᠶᠢᠭᠤᠯᠬᠤ ᠶᠢᠨ ︽ᠬᠠᠮᠤᠭ ᠡᠴᠦᠰ ᠤᠨ ᠠᠮᠤᠷ ᠲᠦᠪᠰᠢᠨ ᠤ ᠲᠣᠤᠷ︾ ᠪᠣᠯᠤᠨ᠎ᠠ᠃  ᠲᠣᠰ ᠪᠠᠯᠭᠠᠰᠤᠨ ᠤ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠤᠨ ᠠᠮᠢᠳᠤᠷᠠᠯ  ᠳᠤ ᠪᠠᠲᠤᠯᠠᠭ᠎ᠠ ᠬᠠᠩᠭᠠᠬᠤ ᠶᠢᠨ ᠲᠥᠯᠥᠭᠡ᠂ ᠣᠶᠢᠷ᠎ᠠ ᠳᠤ᠂ ᠴᠢᠩᠭᠢᠰ ᠬᠠᠭᠠᠨ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠠᠴᠠ ᠲᠣᠰ ᠪᠠᠯᠭᠠᠰᠤᠨ ᠤ ᠮᠠᠯᠵᠢᠬᠤ ᠲᠠᠷᠢᠶᠠᠯᠠᠬᠤ ᠣᠷᠣᠨ ᠤ  ᠬᠠᠮᠤᠭ  ᠳᠣᠣᠷ᠎ᠠ ᠠᠮᠢᠳᠣᠷᠠᠯ ᠤᠨ ᠪᠠᠲᠤᠯᠠᠭ᠎ᠠ ᠶᠢᠨ ᠨᠥᠬᠦᠪᠥᠷᠢ ᠭᠤᠶᠤᠴᠢᠯᠠᠭᠰᠠᠨ ᠬᠡᠷ ᠪᠦᠯᠢ  ᠶᠢᠨ  ᠡᠷᠦᠬᠡ ᠳᠤ  ᠣᠷᠣᠵᠣ ᠬᠠᠷᠭᠤᠭᠤᠯᠤᠨ ᠪᠠᠶᠢᠴᠠᠭᠠᠪᠠ᠃              ᠴᠢᠩᠭᠢᠰ ᠬᠠᠭᠠᠨ ᠪᠠᠯᠭᠠᠰᠤ ᠲᠣᠰ ᠤᠳᠠᠭᠠᠨ ᠤ ᠡᠯ᠎ᠡ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ  ᠬᠠᠮᠤᠭ ᠳᠣᠣᠷ᠎ᠠ ᠠᠮᠢᠳᠣᠷᠠᠯ ᠤᠨ ᠪᠠᠲᠤᠯᠠᠭ᠎ᠠ ᠶᠢᠨ ᠨᠥᠬᠦᠪᠥᠷᠢ ᠭᠤᠶᠤᠴᠢᠯᠠᠬᠤ ᠬᠡᠷ ᠪᠦᠯᠢ ᠶᠢᠨ ᠬᠠᠷᠭᠤᠭᠤᠯᠤᠨ ᠪᠠᠶᠢᠴᠠᠭᠠᠬᠤ᠂ ᠲᠣᠭᠠᠴᠠᠭ᠎ᠠ ᠬᠢᠬᠦ᠂  ᠬᠢᠨᠠᠨ ᠬᠠᠷᠭᠤᠭᠤᠯᠬᠤ ᠠᠵᠢᠯ ᠢ ᠳᠠᠭᠤᠰᠬᠠᠪᠠ᠃ ᠲᠣᠰ ᠤᠳᠠᠭᠠᠨ ᠤ ᠡᠷᠦᠬᠡ ᠳᠤ ᠣᠷᠣᠵᠤ ᠬᠠᠷᠭᠤᠭᠤᠯᠤᠨ ᠪᠠᠶᠢᠴᠠᠭᠠᠭᠰᠠᠨ ᠡᠷᠦᠬᠡ ᠨᠡᠶᠢᠲᠡ 157 ᠪᠠᠶᠢᠵᠤ᠂ ᠡᠭᠦᠨ ᠤ ᠳᠣᠲᠣᠷ᠎ᠠ 47 ᠡᠷᠦᠬᠡ ᠨᠢ ᠬᠢᠨᠠᠨ  ᠪᠠᠶᠢᠴᠠᠭᠠᠯᠲᠠ ᠶᠢ ᠥᠩᠭᠡᠷᠡᠵᠡᠶ᠃         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠠᠬᠢᠬᠤ ᠶᠢ ᠲᠠᠭᠠᠯᠳᠤᠨ᠂ ᠲᠤᠰ ᠪᠠᠯᠭᠠᠰᠤᠨ ᠤ ᠰᠠᠭᠤᠭᠠᠯᠢ ᠠᠷᠠᠳ ᠤᠨ ᠤᠶᠤᠨ ᠰᠠᠨᠠᠭ᠎ᠠ ᠵᠢᠴᠢ ᠪᠣᠳᠠᠰ ᠤᠨ ᠠᠮᠢᠳᠤᠷᠠᠯ  ᠪᠠᠲᠣᠯᠠᠭ᠎ᠠ ᠲᠠᠢ ᠪᠣᠯᠵᠣ᠂ ᠲᠣᠰᠬᠤᠨ ᠤ ᠠᠷᠠᠳ ᠤᠨ ᠤᠬᠠᠮᠰᠠᠷ ᠳᠡᠭᠡᠭᠰᠢᠯᠡᠵᠦ᠂ ᠤᠯᠤᠰ ᠤᠨ ᠨᠥᠬᠦᠪᠥᠷᠢ ᠶᠢ ᠵᠢᠩᠬᠢᠨᠢ ᠬᠡᠷᠡᠭᠴᠡᠭᠡ ᠲᠠᠢ ᠬᠥᠮᠦᠰ ᠲᠤ ᠦᠯᠡᠳᠡᠭᠡᠨ ᠥᠭᠴᠡᠢ᠃  ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠡᠯ᠎ᠡ ᠲᠣᠰᠬᠤᠨ ︵ᠰᠠᠭᠤᠭᠠᠯᠢ ᠠᠷᠠᠳ︶ ᠤ ᠮᠠᠯᠵᠢᠬᠤ ᠲᠠᠷᠢᠶᠠᠯᠠᠬᠤ ᠣᠷᠣᠨ ᠤ  ᠬᠠᠮᠤᠭ ᠳᠣᠣᠷ᠎ᠠ ᠠᠮᠢᠳᠣᠷᠠᠯ ᠤᠨ ᠨᠥᠬᠦᠪᠥᠷᠢ ᠭᠤᠶᠤᠴᠢᠯᠠᠭᠰᠠᠨ ᠬᠡᠷ ᠪᠦᠯᠢ ᠢᠯᠡᠳᠲᠡ ᠪᠠᠭᠠᠰᠤᠭᠰᠠᠨ ᠪᠠᠶᠢᠨ᠎ᠠ᠃           ᠬᠤᠶᠢᠰᠢᠳᠠ ᠶᠢᠨ ᠠᠵᠢᠯ ᠤᠨ ᠳᠤᠮᠳᠠ᠂ ᠴᠢᠩᠭᠢᠰ ᠬᠠᠭᠠᠨ ᠪᠠᠯᠭᠠᠰᠤ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠨᠢᠯ ᠢ  ᠰᠢᠢᠳᠪᠦᠷᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ ᠡᠶ᠎ᠡ ᠵᠣᠬᠢᠴᠠᠯ ᠢ ᠠᠬᠢᠭᠤᠯᠬᠤ︾ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠬᠤ ᠶᠢᠨ ᠬᠠᠮᠲᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠲᠣᠰ ᠪᠠᠯᠭᠠᠰᠤᠨ ᠤ ᠰᠠᠭᠤᠭᠠᠯᠢ ᠠᠷᠠᠳ ᠲᠤ ᠦᠷᠭᠦᠯᠵᠢᠯᠡᠨ ᠰᠠᠶᠢᠲᠤᠷ  ᠦᠢᠯᠡᠴᠢᠯᠡᠵᠦ᠂ ᠲᠣᠰ ᠪᠠᠯᠭᠠᠰᠤᠨ ᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠪᠠᠲᠤ ᠪᠠᠬᠢ ᠪᠠᠬᠢᠯᠡᠯᠲᠡ ᠪᠠᠶᠢᠭᠤᠯᠵᠤ ᠥᠭᠭᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号