ᠹᠠᠨ ᠷᠥᠩ ᠵᠡᠭᠡᠯᠢ ᠭᠤᠳᠤᠮᠵᠢ᠄ ︽ᠪᠢ ᠴᠢᠮᠠᠶᠢ  ᠬᠠᠪᠰᠣᠷᠣᠶ᠎ᠠ︾  ᠭᠡᠬᠦ ᠠᠵᠢᠯᠯᠠᠭ᠎ᠠ ᠦᠷᠨᠢᠭᠦᠯᠦᠭᠰᠡᠭᠡᠷ — ᠰᠦᠯᠵᠢᠶ᠎ᠡ ᠪᠠᠷ ᠠᠶᠢᠯ ᠡᠷᠦᠬᠡ ᠳᠤ ᠬᠦᠷᠴᠦ ᠰᠤᠷᠪᠤᠯᠵᠢᠯᠠᠵᠤ ᠣᠯᠠᠨ ᠲᠦᠮᠡᠨ ᠤ ᠬᠠᠯᠠᠭᠤᠨ ᠴᠡᠭ ᠤᠨ ᠬᠦᠴᠢᠷ ᠠᠰᠠᠭᠤᠳᠠᠯ ᠢ  ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2021/4/15
     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠦᠨᠳᠦᠰᠦᠨ ᠪᠠᠶᠢᠳᠠᠯ ᠢ ᠨᠠᠩ ᠰᠠᠶᠢᠨ ᠡᠵᠡᠮᠰᠢᠬᠦ ᠶᠢᠨ ᠲᠥᠯᠥᠭᠡ᠂ 4  ᠰᠠᠷ᠎ᠠ  ᠶᠢᠨ  13      ᠤ ᠡᠳᠦᠷ  ᠹᠠᠨ ᠷᠥᠩ ᠵᠡᠭᠡᠯᠢ ᠭᠤᠳᠤᠮᠵᠢ ᠶᠢᠨ ᠰᠢᠶᠤᠤ ᠰᠢ ᠨᠡᠶᠢᠭᠡᠮ ᠲᠣᠭᠤᠷᠢᠭ ᠤᠨ ᠰᠦᠯᠵᠢᠶᠡᠨ ᠤ ᠲᠠᠰᠤᠭ ᠤᠨ ᠳᠠᠷᠤᠭ᠎ᠠ  ᠰᠢᠨ᠎ᠡ ᠨᠢᠭᠡ ᠡᠭᠡᠯᠵᠢ ᠶᠢᠨ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠢ ᠥᠷᠨᠢᠭᠦᠯᠪᠡ᠃          ᠰᠦᠯᠵᠢᠶᠡᠨ ᠤ ᠲᠠᠰᠤᠭ ᠤᠨ ᠳᠠᠷᠤᠭ᠎ᠠ ︽ᠭᠤᠷᠪᠠᠨ ᠲᠥᠪᠯᠡᠷᠡᠯ ᠤᠨ ᠴᠡᠭ︾ ᠤᠨ ᠲᠣᠭᠤᠷᠢᠨ ᠳᠤ ᠰᠤᠷᠪᠤᠯᠵᠢᠯᠠᠭ᠎ᠠ ᠥᠷᠨᠢᠭᠦᠯᠵᠦ᠂ ᠳᠠᠷᠤᠶ ᠣᠯᠠᠨ ᠲᠦᠮᠡᠨ ᠤ ᠲᠤᠰᠬᠠᠯ ᠲᠥᠪᠯᠡᠷᠡᠭᠰᠡᠨ ᠨᠡᠶᠢᠲᠡᠯᠢᠭ ᠴᠢᠨᠠᠷᠲᠠᠶ ᠬᠡᠷᠡᠭᠴᠡᠭᠡ ᠪᠠ ᠣᠷᠣᠰᠢᠵᠤ ᠪᠠᠶᠢᠭ᠎ᠠ ᠲᠦᠭᠡᠮᠡᠯ ᠴᠢᠨᠠᠷᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠬᠥᠭᠵᠢᠯᠲᠡ ᠶᠢᠨ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠤᠷᠳᠤ ᠬᠤᠭᠤᠴᠠᠭ᠎ᠠ ᠪᠠᠷ ᠰᠢᠢᠳᠪᠦᠷᠢᠯᠡᠭᠡᠳᠦᠢ ᠠᠷᠠᠳ ᠤᠨ ᠠᠮᠢᠳᠤᠷᠠᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ  ᠣᠶᠢᠯᠠᠭᠠᠨ᠎ᠠ᠃          ᠡᠷᠦᠬᠡ ᠳᠤ ᠣᠷᠣᠬᠤ ᠠᠵᠢᠯ ᠢ ᠥᠷᠨᠢᠭᠦᠯᠬᠦ ᠶᠠᠪᠤᠴᠠ ᠳᠤ ᠰᠦᠯᠵᠢᠶᠡᠨ ᠤ ᠲᠠᠰᠤᠭ ᠤᠨ ᠳᠠᠷᠤᠭ᠎ᠠ ᠨᠢ ᠠᠰᠠᠭᠤᠳᠠᠯ ᠢ ᠦᠵᠡᠵᠦ ᠰᠤᠷᠪᠤᠯᠵᠢᠯᠠᠬᠤ ᠪᠠᠷ ᠪᠠᠷᠠᠬᠤ ᠥᠬᠡᠶ᠂ ᠨᠠᠩ ᠴᠤ ᠡᠭᠦᠷᠭᠡ ᠬᠠᠷᠢᠭᠤᠴᠠᠯᠭ᠎ᠠ ᠶᠢ ᠠᠪᠴᠤ ᠰᠤᠷᠪᠤᠯᠵᠢᠯᠠᠨ᠎ᠠ᠃  ᠪᠠᠶᠢᠰᠢᠩ ᠬᠡᠷ ᠤᠨ ᠲᠣᠭᠤᠷᠢᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠪᠠ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠶᠢᠨ ᠠᠵᠢᠯ ᠢ ᠵᠡᠷᠭᠡ ᠪᠠᠷ ᠥᠷᠨᠢᠭᠦᠯᠵᠦ᠂  ᠪᠥᠬᠦ ᠠᠷᠠᠳ ᠲᠤ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠣᠯᠠᠨ ᠲᠦᠮᠡᠨ ᠤ ᠮᠡᠳᠡᠬᠦ ᠨᠣᠷᠮ᠎ᠠ ᠶᠢ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ︽ᠡᠭᠡᠯᠢᠯᠡᠭᠡ ᠶᠢᠨ ᠬᠠᠯᠬᠠᠪᠴᠢ︾ ᠶᠢ ᠬᠠᠮᠲᠤ ᠪᠠᠷ ᠴᠣᠭᠴᠠᠯᠠᠪᠠ᠃            ᠲᠣᠰ ᠤᠳᠠᠭᠠᠨ ᠤ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠥᠭᠡᠳ ᠰᠠᠭᠤᠭᠠᠯᠢ ᠠᠷᠠᠳ ᠤᠨ ᠬᠠᠮᠤᠭ ᠠᠴᠠ ᠢᠯᠡᠭᠦᠤ ᠠᠩᠬᠠᠷᠴᠤ ᠪᠠᠶᠢᠭ᠎ᠠ ᠬᠡᠷᠡᠭᠴᠡᠭᠡ ᠪᠠ ᠰᠠᠨᠠᠯ ᠢ ᠴᠠᠭ ᠲᠤᠬᠠᠶ ᠳᠤᠨᠢ ᠡᠵᠡᠮᠰᠢᠵᠦ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠢ  ᠳᠣᠲᠣᠨᠣᠴᠢᠯᠠᠭᠤᠯᠵᠣ᠂ ᠬᠤᠶᠢᠰᠢᠳᠠ ᠰᠠᠭᠤᠭᠠᠯᠢ ᠠᠷᠠᠳ ᠲᠤ ᠨᠠᠩ ᠰᠠᠶᠢᠨ  ᠦᠢᠯᠡᠴᠢᠯᠡᠬᠦ ᠳᠤ  ᠯᠠᠪᠳᠠᠭᠤᠨ ᠪᠠᠲᠣᠲᠠᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号