ᠲᠢᠶᠧ ᠳ᠋ᠦᠩ ᠵᠡᠭᠡᠯᠢ ᠭᠤᠳᠤᠮᠵᠢ ᠳᠤ 4.15 ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2021/4/15
    ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ 4  ᠰᠠᠷ᠎ᠠ  ᠶᠢᠨ  13      ᠤ  ᠡᠳᠦᠷ ᠤᠨ ᠦᠳᠡ ᠶᠢᠨ ᠬᠤᠶᠢᠨ᠎ᠠ᠂  ᠲᠢᠶᠧ ᠳ᠋ᠦᠩ ᠵᠡᠭᠡᠯᠢ ᠭᠤᠳᠤᠮᠵᠢ ᠶᠢᠨ ᠲᠢᠶᠠᠨ ᠪᠠᠶ ᠱᠠᠨ ᠨᠡᠶᠢᠭᠡᠮ ᠲᠣᠭᠤᠷᠢᠭ ᠤᠨ ᠬᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠪᠠ ᠨᠠᠮ ᠤᠨ ᠭᠡᠰᠢᠭᠦᠳ ᠲᠣᠰ ᠠᠵᠢᠯᠯᠠᠭ᠎ᠠ ᠳᠤ ᠣᠷᠣᠯᠴᠠᠵᠠᠶ᠃         ᠲᠠᠶᠢᠯᠤᠮᠵᠢ ᠳᠤ᠂ ᠬᠠᠤᠯᠢ ᠴᠠᠭᠠᠵᠠ ᠶᠢᠨ ᠭᠠᠵᠠᠷ ᠤᠨ ᠺᠠᠳ᠋ᠷ ᠴᠠᠭᠳᠠᠭ᠎ᠠ ᠴᠧᠨ ᠶᠢᠩ ᠤᠯᠠᠨ ᠢ ᠳᠠᠭᠠᠭᠤᠯᠵᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ᠂ ᠬᠤᠷᠠᠯ ᠳᠤ ᠣᠷᠣᠯᠴᠠᠭᠰᠠᠳ ᠲᠤ ᠶᠠᠭᠤ ᠶᠢ ᠤᠯᠤᠰ ᠤᠨ ᠠᠮᠤᠷ ᠲᠦᠪᠰᠢᠨ ᠭᠡᠬᠦ᠂ ᠶᠠᠮᠠᠷ ᠶᠠᠮᠠᠷ ᠠᠵᠢᠯᠯᠠᠭ᠎ᠠ ᠨᠢ ᠤᠯᠤᠰ ᠤᠨ ᠠᠮᠤᠷ ᠲᠦᠪᠰᠢᠨ ᠳᠤ ᠬᠠᠯᠳᠠᠭᠰᠠᠨ᠂ ᠤᠯᠤᠰ ᠤᠨ ᠠᠮᠤᠷ ᠲᠦᠪᠰᠢᠨ ᠳᠤ ᠬᠠᠯᠳᠠᠪᠠᠯ ᠶᠠᠮᠠᠷ ᠦᠷ᠎ᠡ ᠳ᠋ᠦᠩ ᠢ ᠡᠭᠦᠷᠭᠡᠯᠡᠬᠦ ᠶᠢ ᠣᠶᠢᠯᠠᠭᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠪᠠᠶᠠᠯᠢᠭ ᠠᠭᠤᠯᠤᠭᠳᠠᠬᠤᠨ ᠪᠠ ᠴᠢᠬᠤᠯᠠ ᠠᠴᠢ ᠬᠤᠯᠪᠣᠭᠳᠠᠯ ᠢ ᠲᠠᠨᠢᠭᠤᠯᠵᠠᠢ᠃          ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠦᠵᠡᠯᠲᠡ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠳᠤ ᠰᠠᠶᠢᠨ ᠰᠠᠶᠢᠬᠠᠨ ᠰᠠᠭᠤᠷᠢ ᠶᠢ ᠲᠠᠯᠪᠢᠨ ᠥᠭᠴᠦ᠂ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号