ᠸᠠ ᠳ᠋ᠢ ᠰᠢᠶᠠᠩ᠄ ᠣᠷᠣᠰᠢᠨ  ᠠᠮᠢᠳᠣᠷᠠᠬᠤ ᠶᠢᠨ ᠭᠡᠷᠡᠴᠢᠯᠡᠯ ᠳᠤ ᠪᠠᠭ᠎ᠠ ᠶᠠᠪᠤᠳᠠᠯ ᠥᠬᠡᠶ᠂ ᠦᠢᠯᠡᠴᠢᠯᠡᠭᠡ ᠬᠠᠩᠭᠠᠵᠤ ᠠᠷᠠᠳ ᠤᠨ ᠠᠮᠢᠳᠤᠷᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2021/4/15
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠸᠠ ᠳ᠋ᠢ ᠰᠢᠶᠠᠩ ︽ᠪᠣᠳᠠᠲᠠᠢ ᠶᠠᠪᠤᠳᠠᠯ ᠬᠢᠵᠦ᠂ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯ ᠤᠨ ᠵᠠᠷᠴᠢᠮ ᠢᠶᠠᠷ᠂ ᠠᠷᠠᠳ ᠲᠦᠮᠡᠨ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃  ᠣᠶᠢᠷ᠎ᠠ ᠳᠤ᠂ ᠸᠠ ᠳ᠋ᠢ ᠰᠢᠶᠠᠩ ᠤᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠰᠢᠶᠠᠩ ᠲᠣᠰᠬᠤᠨ ᠬᠤᠶᠠᠷ ᠱᠠᠲᠤᠨ ᠤ ᠠᠵᠢᠯᠲᠠᠳ ᠢ ᠵᠣᠬᠢᠶᠠᠨ ᠪᠠᠶᠢᠭᠤᠯᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠷᠣᠰᠢᠨ ᠲᠣᠭᠲᠠᠨᠢᠬᠤ ᠶᠢ ᠭᠡᠷᠡᠴᠢᠯᠡᠬᠦ ᠠᠵᠢᠯ ᠢ ᠬᠢᠨᠠᠮᠠᠭᠠᠶ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠯᠠ ᠮᠥᠩᠭᠦ ᠶᠢ ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ ᠪᠠᠲᠤᠯᠠᠪᠠ᠃          ᠬᠦᠴᠢᠷᠳᠡᠯᠲᠡᠶ ᠣᠯᠠᠨ ᠲᠦᠮᠡᠨ ᠤ ᠣᠷᠣᠰᠢᠨ ᠠᠮᠢᠳᠤᠷᠠᠬᠤ ᠶᠢᠨ ᠭᠡᠷᠡᠴᠢᠯᠡᠯ ᠤᠨ ᠮᠡᠳᠡᠭᠡ ᠵᠠᠩᠭᠢ ᠶᠢ ᠣᠷᠬᠢᠭᠳᠠᠭᠤᠯᠬᠤ ᠥᠬᠡᠶ᠂ ᠵᠦᠭᠡᠷ ᠨᠡᠶᠢᠲᠡᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠸᠠ ᠳ᠋ᠢ ᠰᠢᠶᠠᠩ ᠤᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠠᠵᠢᠯᠲᠠᠨ ᠪᠠ ᠲᠣᠰᠬᠤᠨ ᠤ ᠱᠠᠲᠤᠨ ᠤ ᠠᠵᠢᠯᠲᠠᠨ ᠸᠢᠴᠠᠲ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠠᠮᠵᠢᠭᠤᠯᠤᠨ ᠣᠶᠤᠨᠴᠢ ᠴᠢᠳᠠᠪᠤᠷᠢ ᠶᠢ ᠬᠡᠷᠡᠭᠯᠡᠨ ᠪᠡᠶ᠎ᠡ ᠪᠠᠨ ᠳᠠᠭᠠᠭᠠᠵᠤ ᠳᠡᠩᠰᠡᠯᠡᠵᠦ ᠴᠢᠳᠠᠬᠤ ᠬᠡᠰᠡᠭ  ᠠᠮᠢᠳᠣᠷᠠᠯ ᠤᠨ ᠳᠣᠣᠷ᠎ᠠ ᠪᠠᠲᠣᠯᠠᠭᠠᠲᠣ ᠡᠷᠦᠬᠡ ᠳᠤ ᠰᠦᠯᠵᠢᠶᠡᠨ ᠳᠡᠭᠡᠷᠡᠬᠢ ︽ᠨᠢᠭᠡ ᠳᠤ ᠨᠢᠭᠡ︾ ᠭᠡᠷᠡᠴᠢᠯᠡᠯ ᠤᠨ  ᠦᠢᠯᠡᠴᠢᠯᠡᠭᠡᠨ ᠤ ᠪᠣᠯᠪᠠᠰᠤᠷᠠᠭᠤᠯᠤᠯ ᠬᠢᠵᠦ᠂  ᠣᠶᠤᠨᠯᠢᠭ ᠭᠠᠷ ᠤᠲᠠᠰᠤ ᠥᠬᠡᠶ᠂ ᠣᠶᠤᠨᠯᠢᠭ ᠭᠠᠷ ᠤᠲᠠᠰᠤ ᠶᠢ ᠬᠡᠷᠡᠭᠯᠡᠵᠦ ᠳᠡᠶᠢᠯᠬᠦ ᠥᠬᠡᠶ᠂ ᠪᠡᠶ᠎ᠡ ᠪᠠᠨ ᠳᠠᠭᠠᠭᠠᠵᠤ ᠳᠡᠩᠰᠡᠯᠡᠵᠦ ᠳᠡᠶᠢᠯᠬᠦ ᠥᠬᠡᠶ  ᠳᠣᠣᠷ᠎ᠠ ᠪᠠᠲᠣᠯᠠᠭᠠᠲᠣ  ᠡᠷᠦᠬᠡ ᠶᠢᠨ ᠠᠵᠢᠯᠲᠠᠨ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠲᠡᠳᠡᠨ ᠳᠤ ᠰᠦᠯᠵᠢᠶᠡᠨ ᠳᠡᠭᠡᠷ᠎ᠡ ᠪᠡᠶ᠎ᠡ ᠶᠢᠨ ᠬᠢᠷᠢ ᠬᠡᠮ ᠤᠨ ᠰᠢᠯᠭᠠᠨ ᠪᠠᠲᠤᠯᠠᠯᠲᠠ ᠬᠢᠵᠦ ᠥᠭᠭᠦᠭᠰᠡᠨ ᠨᠢ ᠲᠡᠳᠡᠨ ᠳᠤ ᠲᠦᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃  ᠣᠲᠣ ᠪᠣᠯᠲᠠᠯ᠎ᠠ᠂ ᠸᠠ ᠳ᠋ᠢ ᠰᠢᠶᠠᠩ ᠤᠨ ᠠᠮᠢᠳᠤᠷᠠᠯ ᠤᠨ ᠳᠣᠣᠷ᠎ᠠ ᠪᠠᠲᠤᠯᠠᠭ᠎ᠠ ᠶᠢᠨ ᠠᠵᠢᠯᠲᠠᠨ ᠤ ᠣᠷᠣᠰᠢᠨ ᠠᠮᠢᠳᠤᠷᠠᠬᠤ ᠶᠢ ᠭᠡᠷᠡᠴᠢᠯᠡᠬᠦ ᠠᠵᠢᠯ ᠤᠨ 70% ᠠᠴᠠ ᠳᠡᠭᠡᠭᠰᠢᠬᠢ ᠶᠢ ᠨᠢᠭᠡᠨᠲᠡ ᠪᠡᠶᠡᠯᠡᠭᠦᠯᠵᠡᠶ᠃         ᠲᠠᠷᠠᠭᠠᠴᠢ ᠶᠢᠨ ᠠᠯᠬᠤᠮ ᠳᠤ᠂ ᠸᠠ ᠳ᠋ᠢ ᠰᠢᠶᠠᠩ ᠤᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠦᠷᠭᠦᠯᠵᠢᠯᠡᠨ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠭᠠᠰ ᠵᠢᠯ ᠳᠤ ᠨᠢᠭᠡ ᠤᠳᠠᠭ᠎ᠠ ᠭᠡᠷᠡᠴᠢᠯᠡᠯ ᠤᠨ ᠠᠵᠢᠯ ᠥᠷᠨᠢᠭᠦᠯᠵᠦ᠂  ᠳᠣᠣᠷ᠎ᠠ ᠪᠠᠲᠣᠯᠠᠭᠠᠲᠣ  ᠠᠵᠢᠯᠲᠠᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠨ᠂ ᠣᠷᠣᠯᠠᠨ ᠮᠡᠬᠡᠯᠡᠨ ᠠᠪᠬᠤ  ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠵᠦ᠂ ᠸᠠ ᠳ᠋ᠢ ᠰᠢᠶᠠᠩ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ ᠨᠠᠷᠢᠯᠢᠬᠵᠢᠭᠤᠯᠬᠤ᠂ ᠵᠢᠷᠤᠮᠵᠢᠭᠤᠯᠬᠤ᠂ ᠤᠶᠤᠨᠴᠢᠯᠠᠬᠤ ᠳᠤ ᠠᠰᠢᠭᠲᠠᠶ ᠪᠠᠲᠤᠯᠠᠭ᠎ᠠ ᠬᠠᠩᠭᠠᠨ᠎ᠠ  ᠂  ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ  ᠦᠢᠯᠡ ᠠᠵᠢᠯᠯᠠᠭ᠎ᠠ ᠳᠡᠭᠡᠷ᠎ᠡ ᠪᠠᠨ ᠦᠨᠡᠨᠬᠦ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠳᠤᠮᠳᠠ ᠢᠯᠡᠷᠡᠭᠦᠯᠵᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠬᠦᠴᠢᠷᠳᠡᠯ ᠢ  ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠦᠨᠡᠨᠬᠦ ᠪᠡᠶᠡᠯᠡᠭᠦᠯᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠶᠢ ᠦᠨᠡᠨᠬᠦ ᠪᠡᠶᠡᠯᠡᠭᠦᠯᠵᠦ᠂ ᠡᠭᠦᠨ ᠤ ᠤᠯᠠᠮ ᠠᠴᠠ ᠸᠠ ᠳ᠋ᠢ ᠰᠢᠶᠠᠩ ᠤᠨ ᠠᠷᠠᠳ ᠤᠨ ᠠᠮᠢᠳᠤᠷᠠᠯ ᠤᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号