ᠭᠤᠤ ᠲᠠᠢ ᠽᠢ ᠵᠡᠭᠡᠯᠢ ᠭᠤᠳᠤᠮᠵᠢ ᠶᠢᠨ ᠣᠶᠢᠷ᠎ᠠ ᠲᠡᠭᠦᠷᠭᠡ ᠶᠢᠨ ᠲᠣᠰᠬᠤᠨ ︽ᠭᠤᠷᠪᠠ ᠶᠢ ᠪᠣᠳᠠᠲᠠᠶᠢᠵᠢᠭᠤᠯᠵᠤ︾ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠳᠣᠣᠷ᠎ᠠ ᠪᠠᠲᠣᠯᠠᠭᠠᠲᠣ ᠬᠦᠮᠦᠰ  ᠤᠨ ᠰᠦᠯᠵᠢᠶᠡᠨ ᠳᠡᠭᠡᠷ᠎ᠡ ᠣᠷᠣᠰᠢᠨ ᠠᠮᠢᠳᠤᠷᠠᠬᠤ ᠶᠢ ᠭᠡᠷᠡᠴᠢᠯᠡᠬᠦ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2021/4/16
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠤᠢᠢᠷ᠎ᠠ ᠲᠡᠭᠦᠷᠭᠡ ᠶᠢᠨ ᠲᠣᠰᠬᠤᠨ ᠤ ᠬᠢᠨ ︽ᠪᠣᠳᠠᠲᠠᠢ ᠶᠠᠪᠤᠳᠠᠯ ᠪᠦᠲᠦᠭᠡᠬᠦ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠠᠷ ᠠᠵᠢᠯ ᠤᠨ ᠵᠠᠷᠴᠢᠮ ᠪᠣᠯᠭᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ᠂ ᠬᠦᠴᠢᠷᠳᠡᠯ ᠢ ᠰᠢᠢᠳᠪᠦᠷᠢᠯᠡᠬᠦ ᠰᠡᠳᠦᠪ ᠢᠶᠠᠷ ᠲᠡᠦᠬᠡ ᠶᠢ ᠰᠤᠷᠤᠯᠴᠠᠨ ᠦᠢᠯᠡᠳᠦᠯᠭᠡᠵᠢᠭᠦᠯᠬᠦ ᠬᠠᠷᠠᠯᠲᠠ ᠶᠢ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠢᠳᠡᠪᠬᠢᠲᠡᠢ ᠠᠬᠢᠭᠤᠯᠪᠠ᠃          ᠳᠥᠷᠪᠡᠳᠦᠭᠡᠷ ᠰᠠᠷ᠎ᠠ ᠳᠤ ᠤᠷᠤᠭᠰᠠᠨ ᠠᠴᠠ ᠨᠠᠰᠢ᠂ ᠣᠶᠢᠷ᠎ᠠ ᠲᠡᠭᠦᠷᠭᠡ ᠶᠢᠨ ᠲᠣᠰᠬᠤᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠠᠵᠢᠯᠲᠠᠳ ︽ᠭᠤᠷᠪᠠ ᠶᠢ ᠪᠣᠳᠠᠲᠠᠶᠢᠵᠢᠭᠤᠯᠬᠤ︾ ᠪᠠᠷ ᠳᠠᠮᠵᠢᠭᠤᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠣᠷᠠᠯ ᠤᠨ ᠳᠣᠣᠷ᠎ᠠ ᠪᠠᠲᠣᠯᠠᠭᠠᠲᠣ ᠬᠥᠮᠦᠰ ᠤᠨ ᠰᠦᠯᠵᠢᠶᠡᠨ ᠳᠡᠭᠡᠷ᠎ᠡ ᠣᠷᠣᠰᠢᠨ ᠠᠮᠢᠳᠤᠷᠠᠬᠤ ᠶᠢ ᠭᠡᠷᠡᠴᠢᠯᠡᠬᠦ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠯᠠ ᠮᠥᠩᠭᠦ ᠶᠢ ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ ᠪᠠᠲᠤᠯᠠᠬᠤ ᠳᠤ  ᠦᠢᠯᠡᠴᠢᠯᠡᠭᠡ ᠬᠠᠩᠭᠠᠪᠠ᠃          ᠨᠢᠭᠡ ᠳᠤ ᠠᠮᠢᠳᠤᠷᠠᠯ ᠤᠨ  ᠳᠣᠣᠷ᠎ᠠ ᠪᠠᠲᠤᠯᠠᠭᠠᠲᠤ ᠬᠦᠮᠦᠰ ᠤᠨᠣᠷᠣᠰᠢᠨ ᠲᠣᠭᠲᠠᠨᠢᠬᠤ ᠶᠢ ᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ᠣᠬᠠᠭᠤᠯᠭ᠎ᠠ ᠶᠢᠨ  ᠠᠵᠢᠯ ᠢ ᠰᠠᠶᠢᠳᠣᠷ ᠬᠢᠨ᠎ᠡ᠃  ᠲᠣᠰ ᠲᠣᠰᠬᠤᠨ ᠤ  ᠳᠣᠣᠷ᠎ᠠ ᠪᠠᠲᠣᠯᠠᠭᠠᠲᠣ ᠬᠦᠮᠦᠰ ᠲᠦᠪᠯᠡᠷᠡᠨ ᠰᠠᠭᠤᠵᠣ ᠪᠠᠶᠢᠭ᠎ᠠ ᠣᠨᠴᠠᠯᠢᠭ ᠲᠤ ᠰᠠᠭᠤᠷᠢᠯᠠᠨ᠂   ᠠᠵᠢᠯᠲᠠᠳ ︽ᠭᠤᠷᠪᠠᠨ ᠶᠠᠪᠤᠳᠠᠯ ᠢ ᠢᠯᠡ ᠪᠣᠯᠭᠠᠬᠤ ᠸᠢᠴᠠᠲ ᠤᠨ ᠪᠦᠯᠦᠭ︾ ᠢᠶᠠᠷ ᠳᠠᠮᠵᠢᠭᠤᠯᠤᠨ ᠥᠷᠭᠡᠨ ᠢᠶᠠᠷ ᠮᠡᠳᠡᠭᠳᠡᠬᠦ ᠪᠠ ᠤᠬᠠᠭᠤᠯᠵᠤ᠂ ᠮᠡᠳᠡᠭᠳᠡᠬᠦ ᠤᠬᠠᠭᠤᠯᠭ᠎ᠠ ᠶᠢᠨ ᠶᠠᠪᠤᠴᠠ ᠳᠤ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ᠂ ᠲᠡᠳᠡᠨ ᠳᠤ ᠠᠮᠢᠳᠤᠷᠠᠯ ᠤᠨ  ᠳᠣᠣᠷ᠎ᠠ ᠪᠠᠲᠣᠯᠠᠭᠠᠲᠣ ᠬᠥᠮᠦᠰ ᠤᠨ ᠰᠦᠯᠵᠢᠶᠡᠨ ᠳᠡᠭᠡᠷ᠎ᠡ ᠣᠷᠣᠰᠢᠨ ᠠᠮᠢᠳᠤᠷᠠᠬᠤ ᠶᠢ ᠭᠡᠷᠡᠴᠢᠯᠡᠬᠦ ᠶᠢᠨ ᠴᠢᠬᠤᠯᠠ ᠴᠢᠨᠠᠷ ᠢ  ᠭᠦᠢᠴᠡᠳ ᠣᠶᠢᠯᠠᠭᠠᠭᠤᠯᠤᠨ᠎ᠠ᠃ ᠪᠤᠰᠤᠳ ᠭᠠᠵᠠᠷ ᠣᠷᠣᠨ ᠳᠤ ᠰᠠᠭᠤᠵᠤ ᠪᠠᠶᠢᠭ᠎ᠠ  ᠠᠮᠢᠳᠣᠷᠠᠯ ᠤᠨ ᠳᠣᠣᠷ᠎ᠠ ᠪᠠᠲᠣᠯᠠᠭᠠᠲᠣ ᠬᠥᠮᠦᠰ ᠲᠤ  ᠤᠲᠠᠰᠤ ᠪᠠᠷ  ᠮᠡᠳᠡᠭᠳᠡᠨ ᠣᠬᠠᠭᠤᠯᠣᠨ᠂    ᠠᠮᠢᠳᠣᠷᠠᠯ ᠤᠨ ᠳᠣᠣᠷ᠎ᠠ ᠪᠠᠲᠣᠯᠠᠭᠠᠲᠣ ᠬᠥᠮᠦᠰ ᠤᠨ ᠰᠦᠯᠵᠢᠶᠡᠨ ᠳᠡᠭᠡᠷ᠎ᠡ ᠣᠷᠣᠰᠢᠨ ᠠᠮᠢᠳᠤᠷᠠᠬᠤ ᠶᠢ ᠭᠡᠷᠡᠴᠢᠯᠡᠬᠦ ᠲᠥᠷᠥ ᠶᠢᠨ ᠪᠣᠳᠣᠯᠭ᠎ᠠ ᠶᠢ ᠵᠠᠭᠤᠨ ᠤ ᠵᠠᠭᠤ ᠪᠠᠷ ᠮᠡᠳᠡᠬᠦ ᠶᠢ ᠦᠨᠡᠨᠬᠦ  ᠪᠠᠲᠣᠯᠠᠨ᠎ᠠ᠃          ᠬᠤᠶᠠᠷ ᠲᠤ ᠠᠮᠢᠳᠤᠷᠠᠯ ᠤᠨ  ᠳᠣᠣᠷ᠎ᠠ ᠪᠠᠲᠣᠯᠠᠭᠠᠲᠣ ᠬᠦᠮᠦᠰ ᠤᠨ ᠰᠦᠯᠵᠢᠶᠡᠨ ᠳᠡᠭᠡᠷ᠎ᠡ ᠣᠷᠣᠰᠢᠨ ᠲᠣᠭᠲᠠᠨᠢᠬᠤ ᠶᠢᠨ ᠭᠡᠷᠡᠴᠢᠯᠡᠯ ᠤᠨ ᠵᠢᠯᠣᠭᠤᠳᠣᠯᠭ᠎ᠠ ᠶᠢᠨ ᠠᠵᠢᠯ ᠢ ᠰᠠᠶᠢᠳᠣᠷ ᠬᠢᠨ᠎ᠡ᠃  ᠬᠦᠴᠢᠷᠳᠡᠯᠲᠡᠶ ᠣᠯᠠᠨ ᠲᠦᠮᠡᠨ ᠤ ᠣᠷᠣᠰᠢᠨ ᠠᠮᠢᠳᠤᠷᠠᠬᠤ ᠶᠢᠨ ᠭᠡᠷᠡᠴᠢᠯᠡᠯ ᠤᠨ ᠮᠡᠳᠡᠭᠡ ᠵᠠᠩᠭᠢ ᠶᠢ ᠣᠷᠬᠢᠭᠳᠠᠭᠤᠯᠬᠤ ᠥᠬᠡᠶ᠂   ᠪᠣᠷᠣᠭᠤ ᠨᠡᠶᠢᠲᠡᠯᠡᠬᠦ  ᠦᠭᠡᠢ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠲᠡᠭᠦᠷᠭᠡ ᠶᠢᠨ ᠲᠣᠰᠬᠤᠨ ᠤ ᠠᠵᠢᠯᠲᠠᠳ ᠸᠢᠴᠠᠲ᠂ ᠳ᠋ᠢᠶᠠᠩᠬᠤᠸᠠ ᠵᠡᠷᠭᠡ ᠬᠡᠯᠪᠡᠷᠢ ᠪᠠᠷ ᠰᠦᠯᠵᠢᠶᠡᠨ  ᠳᠡᠭᠡᠷ᠎ᠡ ︽ᠨᠢᠭᠡ ᠳᠤ ᠨᠢᠭᠡ︾ ᠭᠡᠷᠡᠴᠢᠯᠡᠯ ᠤᠨ  ᠦᠢᠯᠡᠴᠢᠯᠡᠭᠡᠨ ᠤ ᠵᠢᠯᠣᠭᠤᠳᠣᠯᠭ᠎ᠠ ᠬᠢᠵᠦ᠂ ᠸᠢᠴᠠᠲ ᠤᠨ  ᠪᠦᠯᠦᠭ ᠲᠤ ᠭᠡᠷᠡᠴᠢᠯᠡᠯ ᠤᠨ ᠬᠤᠶᠠᠷ ᠬᠡᠮᠵᠢᠯᠳᠦ ᠲᠡᠮᠳᠡᠭ ᠢ ᠥᠷᠭᠡᠨ ᠢᠶᠠᠷ ᠳᠠᠮᠵᠢᠭᠤᠯᠤᠨ ᠲᠠᠷᠬᠠᠭᠠᠵᠤ᠂ ᠲᠣᠰᠬᠤᠨ ᠤ ᠠᠷᠠᠳ ᠵᠢᠴᠢ ᠲᠡᠳᠡᠨ ᠤ ᠦᠷ᠎ᠡ ᠬᠡᠤᠬᠡᠳ᠂ ᠲᠥᠷᠥᠯ ᠰᠠᠳᠤᠨ᠂ ᠬᠥᠷᠰᠢ ᠵᠡᠷᠭᠡᠯᠡᠳᠡᠭᠡ ᠵᠡᠷᠭᠡ ᠶᠢ ᠰᠢᠷᠪᠢᠵᠦ ᠪᠠᠭᠤᠯᠭᠠᠨ ᠠᠪᠴᠤ ᠭᠡᠷᠡᠴᠢᠯᠡᠬᠦ ᠶᠢ ᠠᠯᠬᠤᠮ ᠠᠯᠬᠤᠮ ᠢᠶᠠᠷ ᠵᠢᠯᠣᠭᠤᠳᠤᠨ᠎ᠠ᠃          ᠭᠤᠷᠪᠠ ᠳᠤ  ᠠᠮᠢᠳᠣᠷᠠᠯ ᠤᠨ ᠳᠣᠣᠷ᠎ᠠ ᠪᠠᠲᠣᠯᠠᠭᠠᠲᠣ ᠬᠦᠮᠦᠰ ᠤᠨ ᠣᠷᠣᠰᠢᠨ ᠠᠮᠢᠳᠤᠷᠠᠬᠤ ᠶᠢ ᠭᠡᠷᠡᠴᠢᠯᠡᠬᠦ  ᠦᠢᠯᠡᠴᠢᠯᠡᠭᠡ ᠶᠢ ᠰᠠᠶᠢᠳᠣᠷ ᠬᠢᠨ᠎ᠡ᠃ ᠠᠵᠢᠯᠲᠠᠳ ᠡᠮᠦᠨᠡᠬᠢ ᠬᠤᠭᠤᠴᠠᠭᠠᠨ  ᠤ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ  ᠭᠦᠢᠴᠡᠳ ᠰᠠᠶᠢᠲᠤᠷ ᠬᠢᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠮᠥᠷᠲᠡᠭᠡᠨ ᠦᠷ᠎ᠡ ᠬᠡᠤᠬᠡᠳ ᠨᠢ ᠳᠡᠷᠭᠡᠳᠡ ᠨᠢ ᠪᠠᠶᠢᠬᠤ ᠥᠬᠡᠶ ᠨᠠᠰᠤᠲᠠᠨ ᠤ ᠪᠣᠳᠠᠲᠠᠶ ᠪᠠᠶᠢᠳᠠᠯ ᠢ ᠡᠵᠡᠮᠰᠢᠨ᠂ ᠡᠷᠦᠬᠡ ᠳᠠᠷᠠᠭᠠᠯᠠᠨ ᠰᠤᠷᠪᠤᠯᠵᠢᠯᠠᠬᠤ᠂ ᠬᠡᠷ ᠲᠤᠨᠢ ᠬᠦᠷᠴᠦ ᠭᠡᠷᠡᠴᠢᠯᠡᠨ ᠮᠠᠭᠠᠳᠯᠠᠬᠤ  ᠦᠢᠯᠡᠴᠢᠯᠡᠭᠡ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠳᠤ  ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠨᠥᠬᠦᠴᠡᠯ ᠳᠤ ᠨᠡᠶᠢᠴᠡᠬᠦ ᠲᠣᠰᠬᠤᠨ ᠤ ᠠᠷᠠᠳ ᠨᠢᠭᠡᠪᠦᠷᠢ ᠴᠥᠮ ᠠᠮᠢᠳᠣᠷᠠᠯ ᠤᠨ ᠳᠣᠣᠷ᠎ᠠ ᠪᠠᠲᠣᠯᠠᠭ᠎ᠠ ᠶᠢᠨ ᠬᠠᠷᠠᠭᠠᠯᠵᠠᠯ ᠢ  ᠬᠦᠷᠲᠡᠬᠦ ᠶᠢ ᠦᠨᠡᠨᠬᠦ ᠪᠠᠲᠤᠯᠠᠬᠤ ᠬᠡᠷᠡᠭᠲᠡᠶ᠃        ᠠᠮᠢᠳᠤᠷᠠᠯ ᠤᠨ  ᠳᠣᠣᠷ᠎ᠠ ᠪᠠᠲᠣᠯᠠᠭᠠᠲᠣ ᠬᠥᠮᠦᠰ ᠤᠨ ᠰᠦᠯᠵᠢᠶᠡᠨ ᠳᠡᠭᠡᠷ᠎ᠡ ᠣᠷᠣᠰᠢᠨ ᠠᠮᠢᠳᠤᠷᠠᠬᠤ ᠶᠢ ᠭᠡᠷᠡᠴᠢᠯᠡᠬᠦ ᠦᠢᠯᠡᠴᠢᠯᠡᠭᠡᠨ ᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂  ᠦᠢᠯᠡᠴᠢᠯᠡᠭᠡᠨ ᠤ ᠳᠤᠮᠳᠠ ᠪᠠᠨ ᠢᠯᠡᠷᠡᠭᠦᠯᠦᠨ᠂ ᠪᠣᠳᠠᠲᠠᠶ ᠠᠵᠢᠯ ᠬᠢᠵᠦ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠦᠨᠡᠨ ᠬᠦ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠲᠠᠷᠠᠭᠠᠴᠢ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠣᠶᠢᠷ᠎ᠠ ᠲᠡᠭᠦᠷᠭᠡ ᠶᠢᠨ ᠲᠣᠰᠬᠤᠨ ᠤ ᠠᠮᠢᠳᠤᠷᠠᠯ ᠤᠨ  ᠳᠣᠣᠷ᠎ᠠ ᠪᠠᠲᠣᠯᠠᠭᠠᠲᠣ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ ᠨᠠᠷᠢᠯᠢᠬᠵᠢᠭᠤᠯᠬᠤ᠂ ᠵᠢᠷᠤᠮᠵᠢᠭᠤᠯᠬᠤ᠂ ᠤᠶᠤᠨᠴᠢᠯᠠᠬᠤ ᠳᠤ ᠠᠰᠢᠭᠲᠠᠶ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号