ᠴᠠᠢ ᠾᠧ ᠪᠠᠯᠭᠠᠰᠤ ︽4.15︾ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/16
      ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠶᠢᠨ ᠲᠥᠯᠥᠭᠡ᠂ 4  ᠰᠠᠷ᠎ᠠ  ᠶᠢᠨ  14     ᠤ ᠦᠳᠡ ᠶᠢᠨ ᠡᠮᠦᠨ᠎ᠡ᠂ ᠴᠠᠢ ᠡᡁᠧ ᠪᠠᠯᠭᠠᠰᠤ ᠶᠢᠨ ᠱᠢ ᠴᠢᠶᠣᠤ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠳᠠᠭᠠᠨ ᠭᠦᠨᠵᠡᠭᠡᠶᠢᠷᠡᠵᠦ᠂ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃          ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠰᠠᠶᠢᠨ ᠳᠤᠷ᠎ᠠ ᠶᠢᠨ ᠠᠵᠢᠯᠯᠠᠭᠴᠢ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾᠂ ︽ᠰᠦᠷᠳᠡᠭᠦᠯᠬᠦ ᠦᠵᠡᠯ ᠢ ᠡᠰᠡᠷᠭᠦᠴᠡᠬᠦ︾ ᠵᠡᠷᠭᠡ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠵᠢᠴᠢ ᠬᠤᠤᠷᠲᠤ ᠡᠳ᠋ ᠢ ᠴᠠᠭᠠᠵᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ︾ ᠵᠡᠷᠭᠡ ᠠᠭᠤᠯᠭ᠎ᠠ ᠶᠢ ᠣᠬᠠᠭᠤᠯᠵᠣ᠂ ︽ᠤᠯᠤᠰ ᠣᠷᠣᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠦᠵᠡᠯᠲᠡ ᠶᠢ ᠲᠦᠭᠡᠮᠡᠯᠵᠢᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠦᠵᠡᠯᠲᠡ ᠶᠢ ᠨᠢ ᠴᠢᠩᠭᠠᠳᠬᠠᠵᠤ᠂ ᠤᠬᠠᠮᠰᠠᠷ ᠠᠴᠠ ᠪᠠᠨ ᠤᠯᠤᠰ ᠣᠷᠣᠨ ᠤ ᠠᠮᠤᠷ ᠲᠦᠪᠰᠢᠨ ᠤ ᠡᠷᠡᠰ ᠬᠠᠮᠠᠭᠠᠯᠠᠭᠴᠢ ᠪᠣᠯᠭᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠬᠠᠤᠯᠢ ᠶᠢ ᠰᠠᠬᠢᠬᠤ ᠶᠢ ᠪᠠᠲᠤᠯᠠᠬᠤ ᠶᠢᠨ ᠬᠠᠮᠲᠤ ᠪᠠᠰᠠ ᠤᠯᠤᠰ ᠣᠷᠣᠨ ᠤ ᠠᠮᠤᠷ ᠲᠦᠪᠰᠢᠨ ᠢ ᠡᠪᠳᠡᠬᠦ ᠪᠠ ᠬᠤᠬᠢᠷᠠᠭᠤᠯᠬᠤ ᠦᠵᠡᠭᠳᠡᠯ ᠪᠠ ᠦᠢᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠬᠤ ᠬᠡᠷᠡᠭᠲᠡᠶ᠃            ᠲᠣᠰ ᠤᠳᠠᠭᠠᠨ ᠤ ᠠᠵᠢᠯᠯᠠᠭ᠎ᠠ ᠳᠤ᠂ ᠤᠬᠠᠭᠤᠯᠭ᠎ᠠ ᠶᠢᠨ ᠥᠩᠭᠡᠲᠦ ᠬᠠᠭᠤᠳᠠᠰᠤ ᠶᠢ ᠨᠡᠶᠢᠲᠡ 50 ᠭᠠᠷᠤᠶ ᠬᠤᠪᠢ ᠲᠠᠷᠬᠠᠭᠠᠵᠤ᠂ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ ᠮᠠᠰᠢ ᠣᠯᠠᠨ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠳᠡᠨ ᠤ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠢ ᠡᠭᠦᠳᠦᠨ ᠪᠠᠶᠢᠭᠤᠯᠬᠤ ᠠᠵᠢᠯ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号