ᠵᠥᠩ ᠾᠧ ᠪᠠᠯᠭᠠᠰᠤ ︽4.15 ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2021/4/19
       ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠮᠥᠨ︾᠃ 2021 ᠣᠨ ᠤ 4  ᠰᠠᠷ᠎ᠠ  ᠶᠢᠨ 15      ᠤ ᠡᠳᠦᠷ ᠪᠣᠯ ᠵᠢᠷᠭᠤᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠭ᠊ ‍ᠥ᠋ᠮᠦᠵᠢᠯ ᠤᠨ ᠡᠳᠦᠷ ᠪᠣᠯᠤᠨ᠎ᠠ᠂ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠶᠡᠭᠡ ᠪᠠᠷ ᠤᠬᠠᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠵᠥᠩ ᠾᠧ ᠵᠧᠨ ᠪᠠᠯᠭᠠᠰᠤᠨ ᠤ ᠬᠢᠨ ︽ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ︾ ᠭᠤᠤᠯ ᠰᠡᠳᠦᠪ ᠤᠨ ᠲᠣᠭᠤᠷᠢᠨ ᠳᠤ ᠣᠯᠠᠨ ᠶᠠᠩᠵᠤ ᠶᠢᠨ ᠬᠡᠯᠪᠡᠷᠢ ᠶᠢᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃          ᠨᠢᠭᠡ ᠳᠤ᠂ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠨᠢᠭᠦᠯᠪᠡ᠃ 4 ᠰᠠᠷ᠎ᠠ  ᠶᠢᠨ  14      ᠤ  ᠡᠳᠦᠷ᠂ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠫᠢᠩ ᠠᠨ ᠪᠠᠶᠢᠭᠤᠯᠤᠯᠲᠠ ᠶᠢᠨ ᠠᠯᠪᠠᠨ ᠬᠡᠷ ᠤᠨ ᠠᠵᠢᠯᠲᠠᠳ ᠵᠥᠩ ᠾᠧ ᠰᠤᠷᠭᠠᠭᠤᠯᠢ ᠳᠤ ᠭᠦᠨᠵᠡᠭᠡᠶᠢᠷᠡᠨ ︽4.15 ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠬᠢᠴᠢᠶᠡᠯ ᠤᠨ ᠲᠠᠩᠬᠢᠮ ᠳᠤ ᠣᠷᠣᠬᠤ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠲᠤ ᠠᠮᠢᠳᠤᠯᠢᠭ ᠬᠠᠤᠯᠢ ᠲᠦᠷᠢᠮ ᠤᠨ ᠬᠥᠮᠦᠵᠢᠯ ᠤᠨ ᠬᠢᠴᠢᠶᠡᠯ ᠣᠷᠣᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃            ᠬᠤᠶᠠᠷ ᠲᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ  ᠦᠷᠨᠢᠭᠦᠯᠪᠡ᠃ 4 ᠰᠠᠷ᠎ᠠ ᠶᠢᠨ  15      ᠤ ᠡᠳᠦᠷ᠂ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠬᠠᠤᠯᠢ ᠪᠠᠷᠢᠬᠤ ᠭᠠᠵᠠᠷ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠠᠢ ᠬᠠᠮᠲᠤᠷᠠᠨ ᠪᠠᠯᠭᠠᠰᠤᠨ ᠤ ᠰᠢᠭᠤᠳ ᠬᠠᠷᠢᠶ᠎ᠠ ᠵᠡᠭᠡᠯᠢ ᠭᠤᠳᠤᠮᠵᠢ ᠳᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠠᠮᠤᠷ ᠲᠦᠪᠰᠢᠨ ᠤ ᠬᠠᠤᠯᠢ᠂ ᠲᠠᠩᠨᠠᠭᠤᠯ ᠢ ᠡᠰᠡᠷᠭᠦᠴᠡᠬᠦ ᠬᠠᠤᠯᠢ᠂ ᠰᠦᠯᠵᠢᠶᠡᠨ ᠤ ᠠᠮᠤᠷ ᠲᠦᠪᠰᠢᠨ ᠤ ᠬᠠᠤᠯᠢ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠡᠯ᠎ᠡ ᠲᠦᠷᠦᠯ ᠤᠨ ᠤᠬᠠᠭᠤᠯᠭ᠎ᠠ ᠶᠢᠨ  ᠮᠠᠲ᠋ᠧᠷᠢᠶᠠᠯ ᠢ 200 ᠭᠠᠷᠤᠢ ᠬᠤᠪᠢ ᠲᠠᠷᠬᠠᠭᠠᠵᠤ᠂ ᠤᠯᠠᠨ ᠲᠦᠮᠡᠨ ᠠᠴᠠ 20 ᠭᠠᠷᠤᠢ ᠬᠥᠮᠦᠨ ᠤᠳᠠᠭ᠎ᠠ ᠠᠰᠠᠭᠤᠨ ᠯᠠᠪᠯᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠮᠡᠳᠡᠪᠡᠰᠦ ᠵᠣᠬᠢᠬᠤ  ᠪᠦᠬᠦᠨ ᠢ ᠮᠡᠳᠡᠭᠦᠯᠵᠡᠢ᠃           ᠭᠤᠷᠪᠠ ᠳᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ 4 ᠰᠠᠷ᠎ᠠ  ᠶᠢᠨ  15      ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠵᠦ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠮᠠ ᠪᠦᠦ  ᠹᠧᠩ ᠪᠥᠬᠦ ᠪᠠᠭ ᠤᠨ ᠪᠦᠷᠢᠯᠳᠦᠬᠦᠨ ᠢᠶᠠᠨ ᠳᠠᠭᠠᠭᠤᠯᠤᠨ ᠤᠯᠤᠰ ᠤᠨ ᠠᠮᠤᠷ ᠲᠦᠪᠰᠢᠨ ᠤ ᠬᠠᠤᠯᠢ ᠵᠡᠷᠭᠡ ᠴᠢᠬᠤᠯᠠ ᠠᠭᠤᠯᠭ᠎ᠠ ᠶᠢ ᠬᠠᠮᠲᠤ ᠪᠠᠷ ᠰᠤᠷᠤᠯᠴᠠᠪᠠ᠃ ᠡᠭᠦᠨ ᠤ ᠵᠡᠷᠭᠡ ᠳᠤ ᠤᠳᠤᠷᠢᠳᠬᠤ ᠪᠠᠭ ᠤᠨ ᠪᠦᠷᠢᠯᠳᠦᠬᠦᠨ ᠨᠡᠷ ᠲᠥᠪ ᠲᠧᠯᠸᠢᠰ ᠤᠨ ᠶᠡᠷᠦᠩᠬᠡᠶᠢᠯᠡᠭᠰᠡᠨ ᠰᠤᠪᠠᠭ ᠤᠨ ᠣᠷᠣᠶ ᠶᠢᠨ 20 ᠴᠠᠭ ᠲᠤ ᠨᠡᠪᠲᠡᠷᠡᠭᠦᠯᠦᠭᠰᠡᠨ ︽ᠠᠶᠠᠯᠠᠯ ᠢ ᠬᠠᠮᠠᠭᠠᠯᠠᠬᠤ ᠵᠠᠮ — ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠬᠥᠨᠳᠡᠯᠡᠨ ᠭᠤᠯᠳᠤ  ︾ ᠣᠨᠴᠠᠭᠠᠶ ᠫᠷᠤᠭ᠍ᠷᠠᠮ ᠢ ᠭᠡᠷ ᠲᠡᠭᠡᠨ ᠦᠵᠡᠵᠦ᠂ ᠭᠤᠣᠯ ᠳᠤᠭᠤᠶᠢᠯᠠᠩ ᠤᠨ ᠪᠦᠷᠢᠯᠳᠦᠬᠦᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠠᠶ᠃        ᠲᠦᠷᠪᠡ ᠳᠤ᠂ ᠰᠤᠷᠪᠤᠯᠵᠢᠯᠠᠵᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠬᠤᠶᠠᠳᠤᠭᠠᠷ ᠤᠯᠠᠷᠢᠯ ᠤᠨ ︽ᠮᠢᠩᠭᠠᠨ ᠡᠷᠦᠬᠡ ᠪᠠᠷ ᠶᠠᠪᠤᠵᠤ ᠲᠦᠮᠡᠨ ᠡᠷᠦᠬᠡ ᠳᠤ ᠬᠥᠷᠬᠦ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠺᠠᠳ᠋ᠷᠴᠤᠳ ᠠᠶᠢᠯ ᠲᠣᠰᠬᠤᠨ ᠳᠤ ᠬᠦᠷᠴᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠶ ᠪᠠᠷ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠨᠢᠭᠲᠠ ᠤᠶᠠᠯᠳᠤᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠤᠯᠠᠮᠵᠢᠯᠠᠯᠲᠤ ᠪᠤᠰᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠶᠢ ᠪᠡᠶᠡᠯᠡᠭᠦᠯᠪᠡ᠃       ᠲᠠᠷᠠᠭᠠᠴᠢ ᠶᠢᠨ ᠠᠯᠬᠤᠮ ᠳᠤ᠂ ᠵᠥᠩ ᠾᠧ ᠪᠠᠯᠭᠠᠰᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢ ᠪᠥᠬᠦ ᠵᠢᠯ ᠤᠨ ᠡᠯ᠎ᠡ  ᠵᠦᠢᠯ ᠤᠨ ᠠᠵᠢᠯ ᠤᠨ ᠳᠤᠮᠳᠠ ᠪᠠᠨ ᠲᠤᠤᠱᠯᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号