ᠴᠠᠢ ᠾᠧ ᠪᠠᠯᠭᠠᠰᠤ ᠶᠢᠨ ᠬᠢᠨ ᠬᠥᠯᠥᠨ ᠪᠤᠶᠢᠷ ᠤᠨ ᠨᠢᠳᠦᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠴᠠᠭᠠᠨ ᠬᠠᠷᠠᠩ ᠢ ᠰᠢᠭᠰᠢᠨ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/19
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠠᠢ ᠾᠧ ᠪᠠᠯᠭᠠᠰᠤ ᠢᠮᠠᠭᠲᠠ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠪᠠᠷ ᠠᠯᠢᠪᠠ ᠠᠵᠢᠯ ᠤᠨ ᠢᠶᠠᠨ ᠡᠬᠢᠯᠡᠯᠲᠡ ᠶᠢᠨ ᠴᠡᠭ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ᠂ ᠬᠠᠮᠤᠭ ᠤᠨ ᠲᠤᠯᠭᠠᠮ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠳᠤᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠰᠡᠷᠡᠵᠦ ᠮᠡᠳᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠪᠣᠳᠠᠲᠠᠶᠢᠵᠢᠭᠤᠯᠬᠤ ᠪᠠᠷ ᠳᠠᠮᠵᠢᠭᠤᠯᠵᠤ᠂ ᠥᠷᠭᠡᠨ ᠤᠯᠠᠨ ᠲᠦᠮᠡᠨ ᠳᠤ ᠵᠢᠩᠬᠢᠨᠢ ᠪᠣᠳᠠᠲᠤ ᠠᠰᠢᠭ  ᠬᠦᠷᠲᠡᠭᠡᠨ᠎ᠡ᠃            ᠲᠦᠷᠦᠭᠦᠬᠡᠨ᠂ ᠴᠠᠢ ᠾᠧ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠣᠯᠤᠨ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠤᠨ ᠨᠢᠭᠡᠳᠦᠯᠲᠡᠶ ᠪᠠᠶᠢᠷᠢᠯᠠᠭᠤᠯᠤᠯᠲᠠ ᠳᠣᠣᠷ᠎ᠠ᠂ ᠬᠥᠯᠥᠨ ᠪᠤᠶᠢᠷ ᠤᠨ  ᠠᠢ ᠡᠯ  ᠤᠨ ᠨᠢᠳᠦᠨ ᠰᠠᠯᠠᠭᠠᠨ ᠤ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠶ ᠬᠤᠯᠪᠣᠭᠠᠯᠠᠨ ︽ ᠬᠠᠶᠢᠷ᠎ᠠ ᠶᠢᠨ ᠭᠡᠷᠡᠯ ᠲᠠᠯ᠎ᠠ ᠨᠤᠲᠤᠭ  ᠢ ᠭᠡᠶᠢᠭᠦᠯᠬᠦ︾ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠨᠢᠭᠦᠯᠡᠰᠦᠩᠭᠦᠶ ᠶᠢᠨ ᠲᠥᠷᠥᠯ  ᠵᠦᠢᠯ ᠢ ᠥᠷᠨᠢᠭᠦᠯᠵᠦ᠂ ᠪᠥᠬᠦ ᠪᠠᠯᠭᠠᠰᠤᠨ ᠤ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂  ᠳᠣᠣᠷ᠎ᠠ ᠪᠠᠲᠣᠯᠠᠭᠠᠲᠣ ᠡᠷᠦᠬᠡ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠂ ᠬᠤᠲᠠ ᠬᠥᠳᠡᠭᠡ ᠶᠢᠨ ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠡᠶ ᠡᠷᠦᠬᠡ ᠶᠢᠨ ᠴᠠᠭᠠᠨ ᠬᠠᠷᠠᠩ᠂  ᠵᠢᠭᠦᠷ ᠬᠡᠯᠪᠡᠷᠢᠲᠦ  ᠮᠢᠬᠠᠨ ᠡᠪᠡᠳᠴᠢᠲᠡᠨ ᠳᠤ ᠬᠠᠷᠠᠭ᠎ᠠ ᠣᠷᠣᠭᠤᠯᠬᠤ ᠮᠡᠰᠡ ᠵᠠᠰᠠᠯ ᠬᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠠᠵᠢᠯᠯᠠᠭ᠎ᠠ ᠶᠢ  ᠶᠠᠪᠣᠭᠳᠠᠭᠤᠯᠵᠠᠢ᠃             ᠡᠮᠨᠡᠯᠭᠡ ᠶᠢᠨ ᠠᠵᠢᠯᠲᠠᠳ ᠬᠦᠯᠢᠴᠡᠩᠭᠦᠶ᠂ ᠨᠠᠷᠢᠨ ᠨᠢᠮᠪᠠᠶ  ᠣᠪᠣᠷ ᠢᠶᠠᠷ  ᠡᠪᠡᠳᠴᠢᠲᠡᠨ ᠨᠢᠭᠡᠪᠦᠷᠢ ᠳᠤ ᠬᠠᠷᠠᠭᠠᠨ ᠤ ᠪᠠᠶᠢᠴᠠᠭᠠᠯᠲᠠ  ᠂ ᠨᠢᠳᠦᠨ ᠢᠷᠣᠭᠠᠷ ᠤᠨ ᠪᠠᠶᠢᠴᠠᠭᠠᠯᠲᠠ᠂ ᠴᠢᠰᠤᠨ ᠳᠠᠷᠤᠯᠲᠠ ᠶᠢᠨ ᠬᠡᠮᠵᠢᠯᠲᠡ  ᠂ ᠡᠪᠡᠳᠴᠢᠨ ᠤ ᠲᠡᠦᠬᠡ ᠶᠢ ᠠᠰᠠᠭᠤᠬᠤ ᠵᠡᠷᠭᠡ ᠰᠢᠷᠢᠰ ᠪᠠᠶᠢᠴᠠᠭᠠᠯᠲᠠ ᠬᠢᠵᠡᠢ᠃ ᠣᠯᠠᠨ ᠲᠦᠮᠡᠨ ᠤ ᠳᠤᠷᠠᠳᠤᠭᠰᠠᠨ ᠡᠯ᠎ᠡ ᠵᠦᠢᠯ ᠤᠨ ᠠᠰᠠᠭᠤᠯᠲᠠ ᠳᠤ ᠬᠠᠷᠢᠭᠤᠯᠲᠠ ᠥᠭᠴᠦ᠂ ᠴᠠᠭᠠᠨ ᠬᠠᠷᠠᠩ ᠤᠨ ᠡᠪᠡᠳᠴᠢᠨ ᠤ ᠰᠢᠯᠲᠠᠭᠠᠨ᠂ ᠡᠪᠡᠳᠴᠢᠨ ᠤ ᠢᠯᠡᠷᠡᠯ᠂ ᠡᠮᠨᠡᠨ ᠵᠠᠰᠠᠬᠤ ᠠᠷᠭ᠎ᠠ ᠪᠠ ᠮᠡᠰᠡ ᠵᠠᠰᠠᠯ ᠤᠨ ᠳᠠᠷᠠᠭᠠᠬᠢ ᠰᠤᠪᠢᠯᠠᠯᠲᠠ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠮᠡᠰᠡ ᠵᠠᠰᠠᠯ ᠳᠤ ᠨᠡᠶᠢᠴᠡᠬᠦ ᠡᠪᠡᠳᠴᠢᠲᠡᠨ ᠳᠤ ᠨᠠᠷᠢᠨ ᠲᠣᠳᠣᠷᠬᠠᠶ ᠳᠡᠩᠰᠡᠯᠡᠯᠲᠡ ᠬᠢᠵᠦ᠂ ᠴᠠᠭᠠᠨ ᠬᠠᠷᠠᠩ ᠤᠨ ᠰᠢᠭᠰᠢᠨ ᠪᠠᠶᠢᠴᠠᠭᠠᠯᠲᠠ ᠶᠢ ᠬᠦᠯᠢᠶᠡᠭᠰᠡᠨ ᠤ ᠳᠠᠷᠠᠭ᠎ᠠ᠂ ᠮᠡᠰᠡ ᠵᠠᠰᠠᠯ ᠤᠨ ᠨᠥᠬᠦᠴᠡᠯ ᠳᠤ ᠨᠡᠶᠢᠴᠡᠬᠦ ᠡᠪᠡᠳᠴᠢᠲᠡᠨ ᠢ ᠨᠢᠭᠡᠳᠦᠯᠲᠡᠶ  ᠲᠣᠬᠢᠷᠠᠭᠤᠯᠵᠣ᠂ ᠴᠠᠭ ᠲᠤᠬᠠᠶ ᠳᠤᠨᠢ ᠡᠮᠨᠡᠯᠭᠡ ᠳᠤ ᠬᠦᠷᠴᠦ ᠰᠦᠢᠳᠭᠡᠯ ᠬᠤᠷᠢᠶᠠᠬᠤ ᠥᠬᠡᠶ ᠪᠠᠷ ᠮᠡᠰᠡ ᠵᠠᠰᠠᠯ ᠬᠢᠯᠭᠡᠵᠦ᠂ ᠡᠪᠡᠳᠴᠢᠲᠡᠨ ᠤ ᠬᠡᠷ ᠪᠦᠯᠢ ᠶᠢᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠯᠡᠨ᠂ ᠲᠡᠳᠡᠨ ᠢ ᠬᠠᠪᠰᠤᠷᠤᠨ ᠡᠪᠡᠳᠴᠢᠨ ᠤ ᠵᠣᠪᠠᠭᠤᠷᠢ ᠶᠢ ᠨᠢ  ᠰᠢᠢᠳᠪᠦᠷᠢᠯᠡᠵᠦ ᠥᠭᠭᠦᠨ᠎ᠡ᠃          ︽ᠬᠠᠶᠢᠷ᠎ᠠ ᠶᠢᠨ ᠭᠡᠷᠡᠯ ᠲᠠᠯ᠎ᠠ ᠨᠤᠲᠤᠭ ᠢ ᠭᠡᠶᠢᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠦᠷᠭᠡᠵᠦ᠂ ᠳᠡᠳᠡᠨ ᠢ ᠬᠠᠪᠰᠤᠷᠤᠨ  ᠬᠠᠷᠠᠭᠠᠨ ᠤ ᠴᠢᠳᠠᠪᠣᠷᠢ  ᠪᠠ ᠬᠥᠳᠡᠯᠮᠦᠷᠢᠯᠡᠬᠦ ᠴᠢᠳᠠᠪᠤᠷᠢ ᠶᠢ ᠨᠢ ᠰᠡᠷᠭᠦᠭᠡᠵᠦ᠂ ᠥᠷᠭᠡᠨ ᠤᠯᠠᠨ ᠶᠠᠳᠠᠭᠤ ᠬᠦᠴᠢᠷᠳᠡᠯᠲᠡᠢ ᠪᠠ ᠣᠨᠴᠠᠭᠠᠢ ᠨᠢᠳᠤᠨ ᠤ ᠡᠪᠡᠳᠴᠢᠨ ᠲᠠᠢ ᠡᠪᠡᠳᠴᠢᠲᠡᠨ ᠳᠤ ᠭᠡᠷᠡᠯ ᠭᠡᠭᠡ ᠣᠯᠭᠤᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢᠨ ᠲᠦᠪᠰᠢᠨ ᠢ ᠨᠢ ᠳᠡᠭᠡᠭᠰᠢᠯᠡᠭᠦᠯᠵᠦ᠂ ᠴᠠᠢ ᠾᠧ ᠪᠠᠯᠭᠠᠰᠤ ᠶᠢᠨ ᠬᠢᠨ ᠪᠣᠳᠠᠲᠠᠢ ᠠᠴᠠ ᠡᠭᠦᠰᠴᠦ᠂ ᠪᠦᠬᠦ ᠬᠦᠴᠦ ᠪᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨᠬᠦ ᠴᠢᠩᠭᠠᠳᠬᠠᠨ ᠰᠢᠢᠳᠪᠦᠷᠢᠯᠡᠬᠦ ᠪᠠᠷ ᠴᠢᠷᠮᠠᠶᠢᠵᠠᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号