ᠲᠢᠶᠧ ᠳ᠋ᠦᠩ ᠵᠡᠭᠡᠯᠢ ᠭᠤᠳᠤᠮᠵᠢ  ︽ᠠᠷᠠᠳ ᠠᠴᠠ ᠭᠤᠷᠪᠠ ᠶᠢ ᠠᠰᠠᠭᠤᠬᠤ︾ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/20
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 4  ᠰᠠᠷ᠎ᠠ  ᠶᠢᠨ  20      ᠤ ᠡᠳᠦᠷ᠂ ᠲᠢᠶᠧ ᠳ᠋ᠦᠩ ᠵᠡᠭᠡᠯᠢ ᠭᠤᠳᠤᠮᠵᠢ ᠶᠢᠨ ᠦ᠋ ᠯᠢ ᠨᠡᠶᠢᠭᠡᠮ ᠲᠣᠭᠤᠷᠢᠭ ᠤᠨ ᠬᠢᠨ ᠠᠷᠠᠳ ᠠᠴᠠ ᠠᠷᠭ᠎ᠠ ᠪᠤᠲᠤᠯᠭ᠎ᠠ ᠠᠰᠠᠭᠤᠬᠤ᠂ ᠠᠷᠠᠳ ᠤᠨ ᠬᠡᠷᠡᠭᠴᠡᠭᠡ ᠶᠢ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ  ᠵᠡᠷᠭᠡ ︽ᠭᠤᠷᠪᠠ ᠶᠢ ᠠᠰᠠᠭᠤᠬᠤ︾ ᠪᠠᠷ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠦᠷᠨᠢᠭᠦᠯᠵᠡᠢ᠃                      ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠡᠯ᠎ᠡ ᠰᠦᠯᠵᠢᠶᠡᠨ ᠤ ᠳᠠᠷᠤᠭ᠎ᠠ ᠵᠡᠭᠡᠯᠢ ᠭᠤᠳᠤᠮᠵᠢ ᠶᠢᠨ ᠬᠡᠰᠡᠭ ᠳᠠᠭᠠᠭᠠᠭᠰᠠᠨ ᠤᠳᠤᠷᠢᠳᠤᠯᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠼᠦᠩ ᠯᠢᠨ ᠲᠠᠢ ᠬᠠᠮᠲᠤᠷᠠᠨ ᠰᠦᠯᠵᠢᠶᠡᠨ ᠳᠤ ᠭᠦᠨᠵᠡᠭᠡᠶᠢᠷᠡᠨ᠂ ᠬᠡᠷ ᠲᠤᠨᠢ ᠬᠦᠷᠴᠦ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠲᠠᠢ ᠨᠢᠭᠤᠷᠲᠠᠨ ᠶᠠᠷᠢᠯᠴᠠᠵᠤ᠂ ᠰᠠᠭᠤᠭᠠᠯᠢ ᠠᠷᠠᠳ ᠤᠨ ᠰᠡᠳᠬᠢᠯ ᠤᠨ ᠦᠭᠡ ᠶᠢ ᠰᠣᠨᠣᠰᠴᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠢᠳᠬᠠᠯ ᠰᠠᠨᠠᠭᠤᠯᠭ᠎ᠠ ᠪᠠᠷ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ  ᠴᠣᠭᠯᠠᠭᠤᠯᠵᠣ᠂   ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ᠪᠠᠷ ᠳᠠᠮᠵᠢᠭᠤᠯᠤᠨ ᠣᠯᠵᠤ ᠠᠯᠳᠠᠬᠤ ᠪᠠᠨ ᠮᠡᠳᠡᠵᠦ᠂ ᠠᠷᠠᠳ ᠤᠨ ᠬᠡᠷᠡᠭᠴᠡᠭᠡ ᠶᠢ ᠠᠰᠠᠭᠤᠬᠤ ᠪᠠᠷ ᠳᠠᠮᠵᠢᠭᠤᠯᠤᠨ᠂ ᠠᠷᠠᠳ ᠤᠨ ᠬᠠᠯᠠᠭᠤᠨ ᠬᠦᠢᠲᠡᠨ ᠢ ᠣᠶᠢᠯᠠᠭᠠᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠪᠠᠷ ᠳᠠᠮᠵᠢᠭᠤᠯᠤᠨ ᠦᠨᠡᠨ ᠬᠤᠳᠠᠯ ᠢ ᠣᠶᠢᠯᠠᠭᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠤᠴᠢᠷ ᠶᠠᠪᠤᠳᠠᠯ ᠢ ᠰᠠᠶᠢᠲᠤᠷ ᠬᠢᠵᠦ ᠪᠣᠳᠠᠲᠠᠢ ᠬᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠲᠣᠣᠷ ᠤᠨ ᠴᠤᠭᠯᠠᠭᠤᠯᠤᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠬᠡᠮ ᠰᠣᠭᠤᠭ᠂ ᠨᠡᠶᠢᠭᠡᠮ ᠤᠨ ᠵᠠᠰᠠᠯᠲᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠦᠷᠪᠡᠨ ᠶᠡᠭᠡ ᠲᠦᠷᠦᠯ ᠤᠨ ᠠᠰᠠᠭᠤᠳᠠᠯ ᠢ ᠵᠦᠢᠯ  ᠵᠣᠷᠪᠣᠰ ᠳᠠᠷᠠᠭᠠᠯᠠᠨ ᠡᠮᠬᠢᠯᠡᠵᠦ᠂ ᠬᠤᠷᠢᠶᠠᠩᠭᠤᠶᠢᠯᠠᠬᠤ ᠶᠢᠨ ᠬᠠᠮᠲᠤ ︽ᠭᠤᠷᠪᠠ ᠶᠢ ᠠᠰᠠᠭᠤᠬᠤ︾ ᠨᠠᠷᠢᠨ ᠲᠠᠩᠰᠠ ᠶᠢ ᠪᠠᠶᠢᠭᠤᠯᠵᠤ᠂ ᠤᠯᠠᠨ ᠲᠦᠮᠡᠨ ᠳᠤ ᠦᠢᠯᠡᠴᠢᠯᠡᠬᠦ ᠠᠭᠤᠯᠭ᠎ᠠ ᠪᠠ ᠬᠠᠷᠠᠯᠲᠠ ᠶᠢ ᠲᠣᠳᠣᠷᠬᠠᠶᠢᠯᠠᠪᠠ᠃           ᠲᠣᠰ ᠤᠳᠠᠭᠠᠨ ᠤ ᠠᠵᠢᠯᠯᠠᠭ᠎ᠠ ᠳᠤ ᠨᠡᠶᠢᠭᠡᠮ ᠲᠣᠭᠤᠷᠢᠭ ᠤᠨ ᠣᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠴᠤ ᠴᠤᠭᠯᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠪᠤᠳᠤᠵᠤ ᠪᠠᠶᠢᠭ᠎ᠠ  ᠵᠦᠢᠯ ᠢ ᠨᠠᠩ ᠭᠦᠨᠵᠡᠭᠡᠶ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ ᠲᠡᠤᠬᠡ ᠰᠤᠷᠴᠤ ᠴᠢᠷᠮᠠᠶᠢᠨ ᠬᠡᠷᠡᠭᠵᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠳᠤ  ᠰᠠᠶᠢᠨ ᠶᠠᠪᠤᠳᠠᠯ᠂ ᠪᠣᠳᠠᠲᠠᠶ ᠶᠠᠪᠤᠳᠠᠯ ᠬᠢᠵᠦ᠂ ᠰᠠᠭᠤᠭᠠᠯᠢ ᠠᠷᠠᠳ ᠤᠨ ᠠᠰᠢᠭ ᠭᠥᠷᠳᠡᠭᠰᠡᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号