ᠹᠠᠨ ᠷᠥᠩ  ᠵᠡᠭᠡᠯᠢ ᠭᠤᠲᠣᠮᠵᠢ ᠰᠢᠨ᠎ᠡ  ᠲᠢᠲᠢᠮᠯᠢᠭ ᠸᠠᠺᠼᠢᠨ ᠤ ᠲᠠᠷᠢᠯᠭ᠎ᠠ ᠶᠢ ᠤᠬᠠᠭᠤᠯᠤᠨ ᠳᠠᠩᠰᠠᠯᠠᠬᠤ ᠠᠵᠢᠯ ᠢ ᠦᠷᠭᠦᠯᠵᠢᠯᠡᠨ  ᠠᠬᠢᠭᠤᠯᠵᠣ ᠪᠣᠢ
ᠨᠡᠶᠢᠲᠡᠯᠡᠭᠰᠡᠨ ᠴᠠᠭ᠄
2021/4/21
      ᠰᠢᠨ᠎ᠡ  ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠳᠣᠣᠷ᠎ᠠ ᠪᠦᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠤᠨ ᠬᠢᠵᠢᠭ ᠤᠨ ᠬᠠᠯᠳᠠᠪᠤᠷᠢᠯᠠᠯ ᠢ ᠬᠤᠷᠢᠭᠯᠠᠬᠤ ᠴᠢᠬᠤᠯᠠ ᠪᠠᠲᠤᠯᠠᠭ᠎ᠠ ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢᠨ ᠲᠦᠯᠦᠭᠡ᠂ᠣᠶᠢᠷ᠎ᠠ ᠶᠢᠨ ᠡᠳᠦᠷ ᠤᠳ ᠲᠤ᠂  ᠹᠠᠨ ᠷᠥᠩ ᠵᠡᠭᠡᠯᠢ ᠭᠤᠳᠤᠮᠵᠢ ᠶᠢᠨ ᠱᠧᠩ ᠯᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠬᠢᠨ ᠰᠢᠨ᠎ᠡ  ᠲᠢᠲᠢᠮᠯᠢᠭ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠳᠡᠩᠰᠡᠯᠡᠯᠲᠡ ᠶᠢᠨ ᠠᠵᠢᠯ ᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠥᠬᠦ ᠠᠵᠢᠯᠲᠠᠨ  ᠪᠦᠭᠦᠳᠡᠭᠡᠷ ᠬᠦᠳᠡᠯᠦᠯᠴᠡᠬᠦ︾ ᠤᠬᠠᠭᠤᠯᠭ᠎ᠠ ᠪᠠᠷ ᠬᠥᠲᠥᠯᠦᠨ ᠵᠢᠯᠣᠭᠤᠳᠬᠤ ᠪᠠᠷ ᠳᠠᠮᠵᠢᠭᠤᠯᠤᠨ᠂ ︽ᠲᠡᠤᠬᠡ ᠰᠤᠷᠤᠯᠴᠠᠵᠤ ᠴᠢᠷᠮᠠᠶᠢᠨ  ᠦᠢᠯᠡᠳᠦᠯᠭᠡᠵᠢᠭᠦᠯᠵᠦ  ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ — ᠰᠢᠨ᠎ᠡ  ᠲᠢᠲᠢᠮᠯᠢᠭ‌‍ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠳᠡᠩᠰᠡᠯᠡᠯᠲᠡ ᠶᠢᠨ ᠠᠵᠢᠯᠯᠠᠭ᠎ᠠ︾ ᠶᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ ᠪᠠᠶᠢᠨ᠎ᠠ᠃          ᠠᠵᠢᠯᠯᠠᠭ᠎ᠠ ᠳᠤ ᠰᠦᠯᠵᠢᠶᠡᠨ ᠤ ᠸᠢᠴᠠᠲ ᠤᠨ ᠪᠦᠯᠦᠭ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠶᠢ ᠠᠰᠢᠭᠯᠠᠨ ᠲᠠᠷᠢᠯᠭ᠎ᠠ ᠶᠢᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠵᠡᠷᠭᠡ ᠳᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠲᠦᠷᠦᠭᠦᠯᠡᠨ ᠸᠠᠺᠼᠢᠨ ᠤ ᠲᠠᠷᠢᠯᠭ᠎ᠠ ᠬᠢᠭᠰᠡᠨ ᠪᠥᠭᠡᠳ ᠦᠳᠡ ᠶᠢᠨ ᠪᠠ ᠣᠷᠣᠶ ᠶᠢᠨ ᠠᠮᠠᠷᠠᠯᠲᠠ ᠶᠢᠨ ᠴᠠᠭ ᠢ ᠠᠰᠢᠭᠯᠠᠨ᠂ ᠸᠠᠺᠼᠢᠨ ᠤ ᠲᠠᠷᠢᠯᠭ᠎ᠠ ᠬᠢᠭᠰᠡᠨ ᠲᠥᠷᠥᠭᠳᠡᠯ ᠢᠶᠠᠨ ᠰᠠᠭᠤᠭᠠᠯᠢ ᠠᠷᠠᠳ ᠲᠠᠢ ᠢᠳᠡᠪᠬᠢᠲᠡᠶ ᠬᠤᠪᠢᠶᠠᠯᠴᠠᠵᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠬᠦᠯᠢᠴᠡᠩᠭᠦᠶ ᠪᠠᠷ ᠰᠠᠶᠢᠲᠤᠷ ᠬᠢᠵᠦ᠂ ᠰᠠᠶᠢᠨ ᠰᠠᠶᠢᠬᠠᠨ ᠵᠢᠱᠢᠶ᠎ᠡ  ᠦᠵᠡᠭᠦᠯᠪᠡ᠃ ᠡᠭᠦᠨ ᠤ ᠬᠠᠮᠲᠤ ︽ᠭᠤᠷᠪᠠ ᠶᠢ ᠠᠰᠠᠭᠤᠬᠤ︾ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠢᠵᠢᠭ ᠲᠣᠭᠤᠷᠢᠭ᠂ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠳᠤ ᠬᠦᠷᠴᠦ ᠰᠢᠨ᠎ᠡ  ᠲᠢᠲᠢᠮᠯᠢᠭ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠤᠬᠠᠭᠤᠯᠭ᠎ᠠ ᠶᠢ ᠪᠦᠬᠦᠨ ᠢ ᠬᠠᠮᠤᠷᠤᠭᠤᠯᠵᠤ᠂ ᠣᠷᠬᠢᠭᠳᠠᠭᠤᠯᠬᠤ ᠥᠬᠡᠶ ᠪᠠᠶᠢᠨ᠎ᠠ᠃           ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠶᠢᠨ ᠲᠥᠯᠥᠭᠡ᠂ ᠱᠧᠩ ᠯᠢ ᠨᠡᠶᠢᠭᠡᠮ ᠲᠣᠭᠤᠷᠢᠭ ᠤᠨ ᠬᠢᠨ ᠰᠢᠨ᠎ᠡ  ᠲᠢᠲᠢᠮᠯᠢᠭ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠳᠡᠩᠰᠡᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠬᠢᠭᠤᠯᠬᠤ ᠶᠢᠨ ᠬᠠᠮᠲᠤ ᠡᠨᠡ ᠬᠦ ᠠᠵᠢᠯ ᠤᠨ ᠲᠤᠬᠠᠶ ᠱᠠᠭᠠᠷᠳᠠᠯᠭ᠎ᠠ ᠳᠤᠷᠠᠳᠪᠠ᠄ ᠨᠢᠭᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠠᠴᠠ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠲᠡᠦᠬᠡ ᠰᠤᠷᠴᠤ ᠶᠣᠰᠣ ᠤᠴᠢᠷ ᠢ ᠮᠡᠳᠡᠬᠦ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠪᠡᠶᠡᠯᠡᠭᠦᠯᠵᠦ᠂ ᠠᠵᠢᠯ ᠤᠨ ᠣᠳᠣᠬᠢ ᠪᠠᠶᠢᠳᠠᠯ ᠢ ᠲᠣᠳᠣᠷᠬᠠᠢ ᠲᠠᠨᠢᠵᠤ᠂ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠳᠠᠩᠰᠠᠯᠠᠯ ᠢ ᠣᠳᠣᠬᠠᠨ ᠤ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠦᠴᠦᠨ ᠴᠢᠳᠠᠯ ᠢᠶᠠᠨ ᠰᠢᠪᠬᠠᠨ ᠳᠤᠲᠠᠭᠤᠳᠠᠯ ᠢᠶᠠᠨ ᠨᠥᠬᠦᠪᠥᠷᠢᠯᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ  ᠃ ᠬᠤᠶᠠᠷ ᠲᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠠᠷᠠᠯᠲᠠᠲᠤ ᠬᠥᠮᠦᠰ ᠤᠨ ᠪᠠᠶᠢᠳᠠᠯ ᠢ ᠣᠶᠢᠯᠠᠭᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠯ᠎ᠡ ᠬᠠᠷᠢᠶᠠᠲᠤ ᠣᠷᠣᠨ ᠤ ᠠᠵᠤ ᠠᠬᠤᠶᠢᠯᠠᠯ᠂  ᠦᠢᠯᠡᠳᠪᠦᠷᠢ ᠬᠤᠳᠠᠯᠳᠤᠭᠠᠨ ᠤ ᠡᠷᠦᠬᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠵᠣ᠂ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠳᠥᠯᠭᠢᠨ ᠠᠬᠢᠭᠤᠯᠵᠤ᠂ ᠬᠠᠷᠠᠯᠲᠠᠲᠤ ᠬᠥᠮᠦᠰ ᠤᠨ ᠭᠥᠯᠢᠶᠡᠨ ᠠᠪᠬᠤ ᠶᠣᠰᠣᠲᠠᠶ ᠶᠢ ᠨᠢ ᠪᠦᠬᠦᠨ ᠢ ᠭᠥᠯᠢᠶᠡᠨ ᠠᠪᠴᠤ᠂ ᠳᠠᠷᠢᠬᠤ ᠶᠣᠰᠣᠲᠠᠶ ᠶᠢ ᠨᠢ ᠪᠦᠬᠦᠨ ᠢ ᠳᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠶ  ᠃ ᠭᠤᠷᠪᠠ ᠳᠤ᠂ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ  ᠵᠦᠢᠯ  ᠤᠨ ᠤᠬᠠᠭᠤᠯᠭ᠎ᠠ ᠶᠢᠨ ᠠᠴᠢᠶᠠᠯᠠᠪᠤᠷᠢ ᠶᠢ ᠰᠠᠶᠢᠲᠤᠷ ᠠᠰᠢᠭᠯᠠᠨ᠂ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤ ᠥᠭᠴᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠠᠷᠢᠯᠭ᠎ᠠ ᠶᠢᠨ ᠴᠢᠬᠤᠯᠠ ᠴᠢᠨᠠᠷ ᠪᠠ ᠸᠠᠺᠼᠢᠨ ᠤ ᠠᠮᠤᠷ ᠲᠦᠪᠰᠢᠨ ᠴᠢᠨᠠᠷ᠂ ᠪᠦᠲᠦᠮᠵᠢᠲᠦ ᠴᠢᠨᠠᠷ ᠢ ᠣᠶᠢᠯᠠᠭᠠᠭᠤᠯᠵᠤ᠂ ᠵᠦᠶ ᠵᠣᠬᠢᠰᠲᠠᠶ ᠵᠢᠱᠢᠯᠲᠡ ᠶᠢ ᠪᠣᠶ ᠪᠣᠯᠭᠠᠵᠤ᠂ ᠣᠯᠠᠨ ᠲᠦᠮᠡᠨ ᠤ ᠲᠠᠷᠢᠯᠭ᠎ᠠ ᠶᠢᠨ ᠬᠦᠰᠡᠯ ᠡᠷᠡᠮᠡᠯᠵᠡᠯ ᠢ ᠪᠦᠲᠦᠮᠵᠢᠲᠡᠶ ᠳᠡᠭᠡᠭᠰᠢᠯᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号