ᠵᠧᠩ ᠶᠠᠩ ᠵᠡᠭᠡᠯᠢ ᠭᠤᠳᠤᠮᠵᠢ ᠳᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ  ᠬᠠᠶᠢᠷ᠎ᠠ ᠬᠠᠯᠠᠮᠵᠢ ᠶᠢᠨ ᠡᠮᠴᠢᠯᠡᠭᠡ ᠬᠢᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2021/4/21
     ᠣᠶᠢᠷ᠎ᠠ ᠳᠤ᠂ ᠵᠧᠩ ᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠠᠷ ᠲᠦᠷᠦᠭᠦᠯᠡᠭᠦᠯᠦᠨ᠂ ᠬᠤᠲᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂  ᠹᠠᠨ ᠷᠥᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ  ᠲᠠᠢ ᠬᠠᠮᠲᠣᠷᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠵᠤ ᠬᠠᠮᠲᠤ ᠪᠠᠷ ᠪᠠᠶᠢᠭᠤᠯᠤᠭᠰᠠᠨ ︽ᠶᠡᠭᠡ ᠨᠠᠮ ᠤᠨ ᠪᠠᠶᠢᠭᠤᠯᠤᠯᠲᠠ︾ ᠶᠢᠨ ᠳᠠᠪᠠᠭᠤᠯᠢᠭ ᠢ ᠪᠠᠳᠠᠷᠠᠭᠤᠯᠵᠤ᠂ ᠬᠠᠷᠢᠶᠠᠲᠤ ᠣᠷᠣᠨ ᠤ ᠪᠠᠨ ᠰᠢ ᠸᠠᠩ  ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂  ᠵᠢᠶᠠ ᠶᠣᠸᠠᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠵᠡᠷᠭᠡ ᠳᠥᠷᠪᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠭᠦᠨᠵᠡᠭᠡᠶᠢᠷᠡᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ᠂ ᠬᠠᠯᠠᠮᠵᠢ ᠶᠢᠨ ᠡᠮᠴᠢᠯᠡᠭᠡ ᠬᠢᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠵᠢᠱᠢᠯᠲᠡ ᠪᠠᠷ 170 ᠭᠠᠷᠤᠶ ᠨᠠᠰᠤᠲᠠᠶᠢᠴᠤᠳ ᠲᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠬᠦ ᠪᠣᠯᠤᠨ᠎ᠠ᠃          ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤᠮᠳᠠ᠂ ᠨᠠᠰᠤᠲᠠᠶᠢᠴᠤᠳ ᠲᠤ ᠴᠢᠰᠤᠨ ᠳᠠᠷᠤᠯᠲᠠ ᠶᠢ ᠬᠡᠮᠵᠢᠬᠦ᠂ ᠴᠢᠰᠤ ᠠᠪᠬᠤ᠂ ᠵᠢᠷᠦᠬᠡᠨ ᠤ ᠯᠤᠭᠰᠢᠯᠲᠠ ᠶᠢᠨ ᠵᠢᠷᠤᠭ᠂ ᠬᠢᠲᠠᠳ ᠡᠮᠨᠡᠯᠭᠡ ᠶᠢᠨ ᠰᠤᠳᠠᠯ ᠪᠠᠷᠢᠬᠤ ᠵᠡᠷᠭᠡ ᠡᠯ᠎ᠡ ᠵᠦᠢᠯ ᠤᠨ ᠪᠠᠶᠢᠴᠠᠭᠠᠯᠲᠠ ᠶᠢ ᠬᠠᠩᠭᠠᠵᠤ᠂ ᠡᠮᠨᠡᠯᠭᠡ ᠶᠢᠨ ᠠᠵᠢᠯᠲᠠᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠢ ᠬᠦᠯᠢᠴᠡᠩᠭᠦᠢ ᠪᠠᠷ ᠠᠰᠠᠭᠤᠨ ᠯᠠᠪᠯᠠᠵᠤ᠂ ᠨᠠᠰᠤᠲᠠᠶᠢᠴᠤᠳ ᠤᠨ ᠠᠳᠠᠯᠢ ᠪᠤᠰᠤ ᠠᠮᠢᠳᠤᠷᠠᠯ ᠤᠨ ᠵᠠᠩ ᠳᠠᠳᠬᠠᠯ ᠳᠤ ᠴᠢᠭᠯᠡᠭᠦᠯᠦᠨ᠂ ᠵᠦᠢ ᠵᠣᠬᠢᠰᠲᠠᠢ ᠪᠡᠶ᠎ᠡ ᠰᠤᠪᠢᠯᠠᠬᠤ᠂ ᠡᠷᠡᠭᠦᠯ ᠮᠡᠨᠳᠦ ᠶᠢ ᠬᠠᠮᠠᠭᠠᠯᠠᠬᠤ ᠵᠢᠴᠢ ᠡᠮᠨᠡᠨ ᠵᠠᠰᠠᠬᠤ ᠰᠠᠨᠠᠭᠤᠯᠭ᠎ᠠ ᠳᠤᠷᠠᠳᠬᠤ ᠶᠢᠨ ᠬᠠᠮᠲᠤ ᠨᠠᠰᠤᠲᠠᠶᠢᠴᠤᠳ ᠲᠤ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢ ᠵᠢᠯᠣᠭᠤᠳᠬᠤ ᠵᠣᠷ᠂ ᠨᠠᠰᠤᠲᠠᠶᠢᠴᠤᠳ ᠤᠨ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢ ᠬᠠᠮᠠᠭᠠᠯᠠᠬᠤ ᠭᠠᠷ ᠳᠡᠪᠲᠡᠷ ᠢ  ᠲᠠᠷᠬᠠᠭᠠᠵᠠᠢ᠃          ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠨᠠᠰᠤᠲᠠᠶᠢᠴᠤᠳ ᠤᠨ  ᠨᠡᠶᠢᠲᠡ ᠶᠢᠨ ᠰᠠᠶᠢᠨ ᠦᠨᠡᠯᠡᠯᠲᠡ ᠶᠢ ᠣᠯᠵᠤ᠂ ᠨᠠᠮ᠂ ᠵᠡᠭᠡᠯᠢ ᠭᠤᠳᠤᠮᠵᠢ ᠪᠣᠯᠤᠨ  ᠦᠢᠯᠡᠴᠢᠯᠡᠭᠡ ᠬᠠᠩᠭᠠᠵᠤ ᠪᠠᠶᠢᠭ᠎ᠠ ᠡᠮᠨᠡᠯᠭᠡ ᠶᠢᠨ ᠬᠤᠷᠢᠶ᠎ᠠ ᠪᠣᠯᠤᠨ ᠰᠠᠶᠢᠨ ᠡᠮᠴᠢ ᠳᠤ ᠲᠠᠯᠠᠷᠬᠠᠵᠤ ᠪᠠᠶᠢᠬᠤ ᠪᠠᠨ  ᠢᠯᠡᠷᠬᠡᠶᠢᠯᠡᠵᠡᠭᠡᠪᠡ᠃ ᠳᠠᠷᠠᠭᠠᠴᠢ ᠶᠢᠨ ᠠᠯᠬᠤᠮ ᠳᠤ᠂ ᠵᠧᠩ ᠶᠠᠩ ᠵᠡᠭᠡᠯᠢ ᠭᠤᠳᠤᠮᠵᠢ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠠᠷᠢᠶᠠᠲᠤ ᠣᠷᠣᠨ ᠤ ᠨᠠᠮ ᠤᠨ ᠭᠡᠰᠢᠭᠦᠨ ᠺᠠᠳ᠋ᠷ ᠢ ᠢᠳᠡᠪᠬᠢᠲᠡᠶ ᠳᠠᠶᠢᠴᠢᠯᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠵᠤ᠂ ᠰᠤᠷᠲᠠᠯ ᠢ ᠴᠢᠩᠭᠠᠳᠬᠠᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠡᠬᠢᠯᠡᠯᠲᠡ︾ ᠪᠠ ︽ᠲᠤᠰᠤᠯᠲᠠ︾ ᠪᠣᠯᠭᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠩᠭ᠎ᠠ ᠪᠣᠳᠠᠲᠠᠢ ᠰᠤᠷᠲᠠᠯ ᠢᠶᠠᠷ ᠵᠡᠭᠡᠯᠢ ᠭᠤᠳᠤᠮᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠰᠡᠳᠬᠢᠯᠴᠢᠯᠡᠨ ᠪᠣᠳᠠᠲᠠᠶᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠡᠷᠡᠰ ᠪᠠᠲᠤ ᠲᠠᠩᠭᠠᠷᠢᠭ ᠢ  ᠦᠢᠯᠡᠳᠦᠯᠭᠡᠵᠢᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号