ᠳ᠋ᠠ ᠾᠧ ᠸᠠᠨ ᠪᠠᠯᠭᠠᠰᠤ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/21
     ᠡᠨᠧᠷᠭᠢ ᠶᠢᠨ ᠬᠤᠷᠣᠭᠳᠠᠯ ᠤᠨ ︽ ᠬᠤᠣᠰ ᠡᠵᠡᠮᠳᠡᠯ︾ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ᠰᠠᠭᠤᠭᠠᠯᠢ ᠠᠷᠠᠳ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠡᠨᠡ ᠬᠦ ᠠᠯᠤᠰ ᠬᠡᠳᠦ ᠶᠢᠨ ᠬᠠᠷᠠᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠳ᠋ᠠ ᠾᠧ ᠸᠠᠨ ᠪᠠᠯᠭᠠᠰᠤᠨ ᠤ ᠬᠢᠨ ᠡᠨᠧᠷᠭᠢ ᠶᠢᠨ ᠬᠤᠷᠣᠭᠳᠠᠭᠤᠯᠤᠯ ᠤᠨ ︽ ᠬᠤᠣᠰ ᠡᠵᠡᠮᠳᠡᠯ︾ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠬᠤᠩ  ᠪᠢᠨ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ᠲᠣᠰᠬᠤᠨ ᠢ ᠳᠠᠭᠠᠭᠠᠴᠢᠯᠠᠬᠤ ᠠᠵᠢᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃          ᠬᠤᠷᠠᠯ ᠠᠴᠠ ᠡᠯ᠎ᠡ ᠨᠢᠭᠡᠴᠡ᠂ ᠰᠠᠯᠠᠭ᠎ᠠ ᠮᠥᠴᠢᠷ ᠤᠨ ᠣᠶᠢᠷ᠎ᠠ ᠶᠢᠨ ᠨᠢᠭᠡ ᠬᠤᠭᠤᠴᠠᠭᠠᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠤᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠪᠦᠬᠦ ᠪᠠᠯᠭᠠᠰᠤᠨ ᠤ ᠴᠠᠬᠢᠯᠭᠠᠨ ᠬᠡᠷᠡᠭᠯᠡᠬᠦ ᠬᠡᠮᠵᠢᠶ᠎ᠡ ᠢᠯᠡᠳᠲᠡ ᠪᠠᠭᠤᠷᠠᠵᠤ᠂ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠢᠯᠡᠳᠲᠡ ᠪᠣᠯᠵᠤ᠂ ᠣᠯᠠᠨ ᠲᠦᠮᠡᠨ ᠢ ᠢᠳᠡᠪᠬᠢᠲᠡᠶ ᠪᠠᠷ ᠪᠦᠲᠦᠮᠵᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠡᠩᠨᠡᠭᠡᠨ ᠳᠤ ᠣᠷᠣᠭᠤᠯᠵᠤ᠂ ᠪᠦᠬᠦ ᠪᠠᠯᠭᠠᠰᠤᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃ ᠡᠭᠦᠨ ᠤ ᠬᠠᠮᠲᠤ ᠪᠠᠰᠠ ᠴᠠᠬᠢᠯᠭᠠᠨ ᠤ ᠬᠤᠷᠣᠭᠳᠠᠯ ᠤᠨ ᠬᠡᠮᠵᠢᠶ᠎ᠡ ᠳᠡᠭᠡᠭᠰᠢᠯᠡᠭᠰᠡᠨ ᠨᠢᠭᠡᠴᠡ ᠳᠤ᠂ ᠡᠨᠧᠷᠭᠢ ᠶᠢᠨ ᠬᠤᠷᠣᠭᠳᠠᠯ ᠤᠨ ᠬᠤᠶᠠᠷ ᠢ ᠬᠢᠵᠠᠭᠠᠷᠯᠠᠬᠤ ᠪᠣᠯ ᠨᠢᠭᠡᠨ ᠣᠷᠳᠣ ᠬᠤᠭᠤᠴᠠᠭᠠᠨ ᠤ ᠠᠵᠢᠯ ᠮᠥᠨ ᠪᠣᠯᠬᠤᠷ ᠡᠯ᠎ᠡ  ᠵᠦᠢᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠷᠭ᠎ᠠ ᠬᠡᠮᠵᠢᠶ᠎ᠡ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠡᠯ᠎ᠡ ᠨᠢᠭᠡᠴᠡ ᠶᠢᠨ ᠳᠣᠲᠣᠭᠠᠳᠤ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠺᠠᠳ᠋ᠷ ᠠᠵᠢᠯᠲᠠᠳ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠤᠬᠠᠮᠰᠠᠷ ᠢ ᠴᠢᠩᠭᠠᠷᠠᠭᠤᠯᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃         ᠬᠤᠷᠠᠯ ᠠᠴᠠ᠂ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠪᠦᠬᠦ ᠪᠠᠯᠭᠠᠰᠤᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠡᠭᠡ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠶᠢᠨ ᠬᠠᠮᠲᠤ ᠡᠨᠡᠬᠦ ᠠᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠥᠨᠢ ᠤᠳᠠᠭᠠᠨ ᠴᠢᠷᠮᠠᠶᠢᠬᠤ ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号