ᠸᠠ ᠳ᠋ᠢ ᠰᠢᠶᠠᠩ᠄ ᠤᠯᠠᠭᠠᠨ ᠵᠢᠭᠰᠠᠭᠠᠯ ᠤᠨ ᠭᠠᠵᠠᠷ ᠤᠨ ︽ᠨᠡᠮᠡᠬᠦ ᠬᠠᠰᠤᠬᠤ ᠠᠷᠭ᠎ᠠ︾ ᠶᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2021/4/21
      ᠸᠠ ᠳ᠋ᠢ ᠰᠢᠶᠠᠩ ︽ᠨᠢᠭᠡ ᠭᠤᠣᠯ ᠱᠤᠭᠤᠮ᠂ ᠬᠤᠶᠠᠷ ᠭᠤᠣᠯᠳᠠᠯᠭ᠎ᠠ᠂ ᠳᠥᠷᠪᠡᠨ ᠵᠦᠢᠯ ᠤᠨ ᠪᠦᠲᠦᠭᠡᠨ ᠪᠠᠶᠢᠭᠤᠯᠤᠯᠲᠠ᠂ ᠲᠠᠪᠤᠨ ᠲᠠᠯ᠎ᠠ ᠶᠢᠨ ᠬᠠᠮᠵᠢᠯᠴᠠᠭ᠎ᠠ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠬᠤᠶᠠᠷ ᠱᠠᠲᠤᠨ ᠤ ᠨᠠᠮ ᠪᠠ ᠣᠯᠠᠨ ᠲᠦᠮᠡᠨ ᠤ ᠬᠥᠭᠵᠢᠯᠲᠡ ᠶᠢ ᠬᠥᠲᠥᠯᠥᠨ ᠳᠠᠭᠠᠭᠤᠯᠬᠤ᠂ ᠰᠣᠶᠣᠯ ᠪᠠ ᠦᠢᠯᠡᠴᠢᠯᠡᠭᠡ ᠪᠠᠷ ᠭᠤᠣᠯ ᠠᠭᠤᠯᠭ᠎ᠠ ᠪᠣᠯᠭᠠᠭᠰᠠᠨ ︽ᠨᠠᠮ ᠪᠠ ᠣᠯᠠᠨ ᠲᠦᠮᠡᠨ +︾ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠬᠥᠭᠵᠢᠯᠲᠡ ᠳᠤ ᠦᠢᠯᠡᠴᠢᠯᠡᠬᠦ᠂ ᠨᠠᠮ ᠤᠨ ᠪᠠᠶᠢᠭᠤᠯᠤᠯᠲᠠ ᠶᠢᠨ ᠠᠵᠢᠯ ᠢ ᠳᠡᠮᠵᠢᠬᠦ᠂ ᠰᠣᠶᠣᠯ ᠵᠤᠭ᠎ᠠ ᠴᠡᠩᠭᠡᠯ ᠢ ᠵᠣᠬᠢᠶᠠᠨ ᠪᠠᠶᠢᠭᠤᠯᠬᠤ᠂ ᠨᠡᠶᠢᠭᠡᠮ ᠤᠨ ᠬᠠᠮᠢᠶᠠᠷᠤᠯᠲᠠ ᠳᠤ ᠦᠢᠯᠡᠴᠢᠯᠡᠬᠦ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠢ ᠭᠡᠷ ᠤᠨ ᠡᠭᠦᠳᠡᠨ ᠠᠴᠠ ᠵᠣᠬᠢᠶᠠᠨ ᠪᠠᠶᠢᠭᠤᠯᠤᠯᠲᠠ ᠣᠯᠵᠤ᠂ ᠲᠦᠬᠦᠮ ᠦᠢᠯᠡᠴᠢᠯᠡᠭᠡ ᠬᠦᠷᠲᠡᠭᠡᠵᠦ᠂ ᠨᠠᠮ ᠪᠠ ᠤᠯᠠᠨ ᠲᠦᠮᠡᠨ ᠤ ᠠᠵᠢᠯ ᠤᠨ ᠬᠦᠳᠦᠯᠦᠨ ᠳᠠᠭᠠᠭᠤᠯᠬᠤ ᠦᠢᠯᠡᠳᠦᠯ ᠪᠠ ᠳᠠᠶᠢᠴᠢᠯᠠᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃          ᠨ᠊‍ᠠᠮ ᠪᠠ ᠣᠯᠠᠨ ᠲᠦᠮᠡᠨ ᠤ  ᠦᠢᠯᠡᠴᠢᠯᠡᠭᠡᠨ ᠤ ᠪᠠᠶᠢᠭᠤᠯᠤᠯᠲᠠ ᠳᠤ ︽ᠨᠡᠮᠡᠬᠦ ᠠᠷᠭ᠎ᠠ︾ ᠶᠢ ᠬᠡᠷᠡᠭᠵᠢᠭᠦᠯᠵᠦ ᠂  ᠦᠢᠯᠡᠴᠢᠯᠡᠭᠡᠨ ᠤ ᠬᠢᠷᠢ ᠲᠦᠪᠰᠢᠨ ᠢ ᠴᠢᠩᠭᠠᠷᠠᠭᠤᠯᠤᠨ᠎ᠠ᠃ ᠸᠠ ᠳ᠋ᠢ ᠰᠢᠶᠠᠩ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠨ ᠨᠠᠮ ᠪᠠ ᠣᠯᠠᠨ ᠲᠦᠮᠡᠨ ᠤ ᠶᠡᠭᠡ ᠲᠢᠩᠬᠢᠮ ᠳᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠨᠡᠶᠢᠭᠡᠮ ᠤᠨ ᠪᠠᠲᠤᠯᠠᠭ᠎ᠠ ᠵᠡᠷᠭᠡ 8 ᠦᠢᠯᠡᠴᠢᠯᠡᠭᠡᠨ ᠤ ᠴᠣᠩᠬᠤ ᠶᠢ ᠪᠠᠶᠢᠭᠤᠯᠵᠤ᠂ ᠡᠭᠦᠨ ᠤ ᠬᠠᠮᠲᠤ ᠴᠣᠩᠬᠤᠨ ᠤ ᠳᠡᠭᠡᠷ᠎ᠡ ᠲᠠᠯ᠎ᠠ ᠳᠤ ᠢᠯᠡᠷᠬᠡᠶᠢᠯᠡᠯ ᠤᠨ ᠫᠠᠶᠢᠰᠠ ᠡᠯᠭᠦᠵᠦ᠂ ᠨᠠᠮ ᠤᠨ ᠭᠡᠰᠢᠭᠦᠨ ᠣᠯᠠᠨ ᠲᠦᠮᠡᠨ ᠳᠤ ︽ᠴᠣᠩᠬᠤᠪᠴᠢ ᠮᠠᠶ᠋ᠢᠭ︾ ᠤᠨ ᠨᠢᠭᠡ ᠴᠤᠭᠴᠠᠵᠢᠭᠰᠠᠨ  ᠦᠢᠯᠡᠴᠢᠯᠡᠭᠡ ᠬᠠᠩᠭᠠᠵᠤ᠂ ᠣᠲᠣ ᠣᠯᠠᠨ ᠲᠦᠮᠡᠨ ᠳᠤ ᠬᠠᠨᠳᠤᠭᠤᠯᠤᠭᠰᠠᠨ ᠪᠣᠶ ᠪᠥᠬᠦᠶ ᠲᠤᠬᠠᠶᠢᠯᠠᠭᠰᠠᠨ ᠠᠵᠢᠯ ᠢ ᠴᠥᠮ ᠦᠢᠯᠡᠴᠢᠯᠡᠭᠡᠨ ᠤ ᠲᠢᠩᠬᠢᠮ ᠳᠤ  ᠶᠠᠪᠣᠭᠳᠠᠭᠤᠯᠵᠣ᠂  ᠪᠦᠬᠦᠨ ᠢ ᠭᠦᠢᠴᠡᠳᠭᠡᠭᠦᠯᠵᠦ᠂ ᠣᠯᠠᠨ ᠲᠦᠮᠡᠨ ᠳᠤ  ᠦᠢᠯᠡᠴᠢᠯᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠪᠡ᠃         ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠳᠡᠭᠡᠨ ︽ᠨᠡᠮᠡᠬᠦ ᠠᠷᠭ᠎ᠠ︾ ᠶᠢ ᠬᠡᠷᠡᠭᠯᠡᠵᠦ᠂ ᠤᠯᠠᠨ ᠲᠦᠮᠡᠨ ᠤ ᠰᠠᠭᠤᠷᠢ ᠶᠢ ᠪᠠᠲᠤᠳᠬᠠᠪᠠ᠃ ᠸᠠ ᠳ᠋ᠢ ᠰᠢᠶᠠᠩ ᠤᠨ ᠨᠠᠮ ᠪᠠ ᠣᠯᠠᠨ ᠲᠦᠮᠡᠨ ᠤ ᠲᠥᠪ ᠠᠷᠠᠳ ᠲᠤ ᠠᠰᠢᠭ ᠬᠦᠷᠲᠡᠭᠡᠬᠦ ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠵᠤ᠂  ᠠᠮᠢᠳᠣᠷᠠᠯ ᠤᠨ ᠳᠣᠣᠷ᠎ᠠ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠪᠠᠲᠤᠯᠠᠭ᠎ᠠ ᠪᠠ ᠬᠦᠴᠢᠷᠳᠡᠯ ᠢ ᠠᠪᠤᠷᠠᠨ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ  ᠦᠢᠯᠡᠴᠢᠯᠡᠭᠡᠨ ᠤ ᠠᠭᠤᠯᠭ᠎ᠠ ᠶᠢ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠢᠩᠬᠢᠮ ᠳᠤ ᠲᠥᠪᠯᠡᠷᠡᠭᠦᠯᠦᠨ  ᠭᠦᠢᠴᠡᠳᠭᠡᠵᠦ᠂ ᠠᠷᠠᠳ ᠣᠯᠠᠨ ᠳᠤ ᠲᠥᠬᠦᠮ ᠴᠢᠨᠠᠷᠲᠠᠶ  ᠦᠢᠯᠡᠴᠢᠯᠡᠭᠡ ᠶᠢ ᠦᠨᠡᠨ ᠬᠦ ᠮᠡᠳᠡᠷᠡᠭᠦᠯᠵᠦ᠂ ᠪᠥᠬᠦ ᠵᠢᠯ ᠳᠤ ᠨᠡᠶᠢᠲᠡ 800 ᠭᠠᠷᠤᠶ ᠬᠥᠮᠦᠨ ᠤᠳᠠᠭ᠎ᠠ ᠣᠯᠠᠨ ᠲᠦᠮᠡᠨ ᠳᠤ  ᠦᠢᠯᠡᠴᠢᠯᠡᠪᠡ᠃ ᠬᠠᠷᠢᠶᠠᠲᠤ ᠣᠷᠣᠨ ᠤ ᠺᠠᠳ᠋ᠷ ᠣᠯᠠᠨ ᠲᠦᠮᠡᠨ ᠤ ᠰᠣᠶᠣᠯ ᠤᠨ ᠬᠡᠷᠡᠭᠴᠡᠭᠡ ᠳᠤ ᠴᠢᠭᠯᠡᠭᠦᠯᠦᠨ᠂ ᠠᠵᠢᠯᠲᠠᠨ ᠠᠵᠢᠯᠴᠢᠨ ᠤ ᠪᠥᠵᠢᠭ ᠤᠨ ᠠᠩᠭᠢ᠂  ᠨᠠᠬᠢᠶ᠎ᠠ ᠤᠯᠠᠭᠠᠨᠮᠥ᠋ᠴᠢᠷ ᠤᠨ ᠪᠥᠵᠢᠭ ᠤᠨ ᠠᠩᠭᠢ ᠵᠡᠷᠭᠡ ᠤᠳᠬ᠎ᠠ ᠤᠷᠠᠯᠢᠭ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠣᠯᠠᠨ ᠶᠠᠩᠵᠤ ᠶᠢᠨ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠢ 300 ᠭᠠᠷᠤᠶ ᠲᠠᠯᠠᠪᠤᠷ ᠥᠷᠨᠢᠭᠦᠯᠵᠦ᠂ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠢ ᠨᠠᠮ ᠤᠨ ᠦᠨᠳᠦᠰᠦᠨ ᠱᠠᠲᠤ ᠶᠢ ᠤᠳᠤᠷᠢᠳᠤᠨ ᠵᠠᠰᠠᠬᠤ ᠬᠤᠪᠢᠰᠬᠠᠯ ᠤᠨ ᠵᠢᠭᠰᠠᠭᠠᠯ ᠤᠨ ᠭᠠᠵᠠᠷ ᠪᠠ ᠨᠠᠮ ᠤᠨ ᠭᠡᠰᠢᠭᠦᠨ ᠣᠯᠠᠨ ᠲᠦᠮᠡᠨ ᠳᠤ  ᠦᠢᠯᠡᠴᠢᠯᠡᠬᠦ ᠬᠠᠯᠠᠭᠤᠨ ᠳᠤᠯᠠᠭᠠᠨ ᠬᠡᠷ ᠣᠷᠣᠨ ᠪᠣᠯᠭᠠᠪᠠ᠃          ᠤᠯᠠᠨ ᠲᠦᠮᠡᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ︽ᠨᠡᠮᠡᠬᠦ ᠠᠷᠭ᠎ᠠ︾ ᠪᠣᠯᠭᠠᠵᠤ᠂ ᠠᠵᠢᠯ ᠶᠠᠪᠤᠳᠠᠯ ᠬᠢᠬᠦ ᠤᠷᠮ᠎ᠠ ᠵᠣᠷᠢᠭ ᠢ ᠬᠥᠭᠵᠢᠭᠡᠪᠡ᠃ ᠸᠠ ᠳ᠋ᠢ ᠰᠢᠶᠠᠩ ᠣᠯᠠᠨ ᠲᠦᠮᠡᠨ ᠤ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠬᠢ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ᠂ ᠴᠡᠷᠢᠭ ᠤᠨ ᠠᠯᠪᠠᠨ ᠠᠴᠠ ᠪᠠᠭᠤᠭᠰᠠᠳ ᠤᠨ ᠰᠠᠶᠢᠨ ᠳᠤᠷ᠎ᠠ ᠶᠢᠨ ᠠᠵᠢᠯᠯᠠᠭᠴᠢ᠂  ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠩᠭᠢ ᠵᠡᠷᠭᠡ ᠤᠨᠴᠠᠯᠢᠬᠳᠤ ᠥᠨᠳᠥᠷ ᠦᠷ᠎ᠡ ᠠᠰᠢᠭᠯᠠᠮᠵᠢ ᠲᠠᠢ 13 ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠠᠩᠬᠢ ᠶᠢ ᠨᠢᠭᠡᠳᠭᠡᠵᠦ᠂ ᠮᠣᠩᠭᠤᠯ ᠬᠢᠲᠠᠳ ᠦᠨᠳᠦᠰᠦᠲᠡᠨ ᠨᠢᠭᠡ ᠬᠡᠷ ᠤᠨ ᠬᠢ᠂ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ᠂  ᠴᠢᠰᠤ ᠪᠠᠨ ᠬᠠᠨᠳᠢᠪᠯᠠᠬᠤ ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠬᠤ ᠵᠡᠷᠭᠡ ᠰᠠᠶᠢᠨ ᠳᠤᠷ᠎ᠠ ᠶᠢᠨ  ᠦᠢᠯᠡᠴᠢᠯᠡᠭᠡ ᠶᠢ 20 ᠭᠠᠷᠤᠶ ᠤᠳᠠᠭ᠎ᠠ ᠥᠷᠨᠢᠭᠦᠯᠵᠦ᠂  ᠦᠢᠯᠡᠴᠢᠯᠡᠭᠡᠨ ᠳᠤ ᠣᠷᠣᠯᠴᠠᠭᠰᠠᠨ ᠰᠠᠶᠢᠨ ᠳᠤᠷ᠎ᠠ ᠶᠢᠨ ᠠᠵᠢᠯᠯᠠᠭᠴᠢ 600 ᠭᠠᠷᠤᠶ ᠬᠥᠮᠦᠨ ᠤᠳᠠᠭ᠎ᠠ ᠳᠤ ᠬᠦᠷᠴᠦ᠂ ᠰᠠᠶᠢᠨ ᠳᠤᠷ᠎ᠠ ᠶᠢᠨ ᠠᠵᠢᠯᠯᠠᠭᠰᠠᠳ ᠤᠨ  ᠦᠢᠯᠡᠴᠢᠯᠡᠭᠡᠨ ᠤ  ᠦᠢᠯᠡᠳᠦᠯ ᠢ ᠦᠨᠡᠨᠬᠦ ᠪᠠᠳᠠᠷᠠᠭᠤᠯᠵᠤ᠂ ᠰᠠᠶᠢᠨ ᠳᠤᠷ᠎ᠠ ᠶᠢᠨ ᠠᠵᠢᠯᠯᠠᠭᠰᠠᠳ ᠤᠨ ᠴᠤᠭ ᠵᠢᠪᠬᠤᠭ᠎ᠠ ᠶᠢ ᠢᠯᠡᠷᠡᠭᠦᠯᠪᠡ᠃            ᠠᠷᠠᠳ ᠣᠯᠠᠨ ᠤ ᠭᠦᠶᠦᠬᠦ ᠤᠳᠠᠭ᠎ᠠ ᠶᠢᠨ ᠲᠠᠯ᠎ᠠ ᠪᠠᠷ ︽ᠬᠠᠰᠤᠬᠤ︾ ᠠᠷᠭ᠎ᠠ ᠶᠢ ᠬᠡᠷᠡᠭᠯᠡᠵᠦ᠂ ᠠᠷᠠᠳ ᠣᠯᠠᠨ ᠳᠤ ᠦᠢᠯᠡᠴᠢᠯᠡᠨ᠎ᠡ᠃ ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾ ᠶᠢ ᠪᠠᠶᠢᠩᠭᠤ ᠶᠢᠨ ᠪᠠᠶᠢᠳᠠᠯ ᠪᠣᠯᠭᠠᠵᠤ᠂ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠲᠦᠷᠢᠮ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠲᠦᠷᠢᠮ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠲᠦᠷᠢᠮ ᠢᠶᠠᠷ ᠦᠢᠯᠡᠴᠢᠯᠡᠭᠡᠨ ᠤ ᠣᠶᠢᠯᠠᠭᠠᠭᠳᠠᠬᠤᠨ ᠪᠣᠯᠭᠠᠵᠤ᠂ ᠤᠯᠠᠨ ᠲᠦᠮᠡᠨ ᠤ ᠭᠦᠶᠦᠬᠦ ᠤᠳᠠᠭ᠎ᠠ ᠶᠢ ᠪᠠᠭᠠᠰᠬᠠᠵᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ ᠢ ᠪᠠᠭᠠᠰᠬᠠᠵᠤ᠂ ᠶᠠᠰᠤ ᠴᠢᠨᠠᠷ ᠦᠷ᠎ᠡ ᠠᠰᠢᠭ ᠢ ᠵᠡᠷᠭᠡᠪᠡᠷ  ᠳᠡᠭᠡᠭᠰᠢᠯᠡᠭᠦᠯᠪᠡ᠃ ᠡᠭᠦᠨ ᠤ ᠵᠡᠷᠭᠡ ᠳᠤ 12345 ᠵᠠᠰᠠᠭ ᠤᠨ ᠶᠠᠪᠤᠳᠠᠯ ᠤᠨ ᠲᠠᠪᠴᠠᠩ ᠵᠡᠷᠭᠡ ᠠᠷᠭ᠎ᠠ ᠵᠠᠮ ᠢᠶᠠᠷ ᠲᠤᠰᠬᠠᠭᠰᠠᠨ ᠪᠠᠶᠢᠳᠠᠯ ᠤᠨ ᠲᠤᠬᠠᠶ ᠵᠠᠭᠠᠯᠳᠤᠯᠭ᠎ᠠ ᠶᠢ ᠠᠰᠠᠭᠤᠨ ᠯᠠᠪᠯᠠᠬᠤ ᠶᠢ  ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠷᠢᠭᠤ ᠰᠤᠷᠪᠤᠯᠵᠢᠯᠠᠭ᠎ᠠ ᠶᠢᠨ ᠨᠣᠷᠮ᠎ᠠ ᠴᠥᠮ 100% ᠳᠤ ᠬᠦᠷᠴᠡᠶ᠃ ᠣᠯᠠᠨ ᠲᠦᠮᠡᠨ ᠳᠤ ︽ᠬᠤᠷᠳᠤᠴᠠ ᠲᠦᠷᠭᠡᠨ᠂ ᠦᠷ᠎ᠡ ᠪᠦᠲᠦᠮᠵᠢ ᠥᠨᠳᠥᠷ᠂  ᠦᠢᠯᠡᠴᠢᠯᠡᠭᠡ‌‍ᠰᠠᠶᠢᠨ︾ ᠵᠠᠰᠠᠭ ᠤᠨ ᠶᠠᠪᠤᠳᠠᠯ ᠤᠨ  ᠦᠢᠯᠡᠴᠢᠯᠡᠭᠡᠨ  ᠤ ᠰᠢᠨ᠎ᠡ ᠠᠭᠤᠷ ᠠᠮᠢᠰᠬᠤᠯ ᠢ ᠭᠦᠨᠵᠡᠭᠡᠶ ᠮᠡᠳᠡᠷᠡᠭᠦᠯᠦᠨ᠎ᠡ᠃            ᠠᠵᠢᠯ ᠶᠠᠪᠤᠳᠠᠯ ᠡᠷᠬᠢᠯᠡᠬᠦ ᠶᠠᠪᠤᠴᠠ ᠶᠢᠨ ᠲᠠᠯ᠎ᠠ ᠪᠠᠷ ︽ᠬᠠᠰᠤᠬᠤ ᠠᠷᠭ᠎ᠠ︾ ᠶᠢ ᠬᠡᠷᠡᠭᠵᠢᠭᠦᠯᠵᠦ᠂ ᠨᠠᠮ ᠤᠨ ᠰᠡᠳᠬᠢᠯ ᠠᠷᠠᠳ ᠤᠨ ᠰᠡᠳᠬᠢᠯ ᠢ ᠨᠢᠭᠲᠠᠷᠠᠭᠤᠯᠪᠠ᠃ ᠡᠷᠬᠡ ᠶᠢ ᠪᠠᠭᠠᠰᠬᠠᠬᠤ ᠪᠠᠷ ᠳᠠᠮᠵᠢᠭᠤᠯᠤᠨ᠂ ᠸᠠ ᠳ᠋ᠢ ᠰᠢᠶᠠᠩ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠨᠢ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠳᠣᠷᠣᠭᠰᠢ ᠪᠠᠭᠤᠯᠭᠠᠭᠰᠠᠨ 61  ᠵᠦᠢᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ  ᠵᠦᠢᠯᠡᠰ ᠪᠠ 27  ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠦᠢᠯᠡᠴᠢᠯᠡᠭᠡᠨ ᠤ  ᠵᠦᠢᠯᠡᠰ ᠢ  ᠭᠦᠢᠴᠡᠳᠭᠡᠵᠦ ᠪᠣᠯᠤᠨ᠎ᠠ᠃  ︽ᠨᠢᠭᠡ ᠥᠷᠲᠡᠭᠡᠨ ᠤ ᠮᠠᠶ᠋ᠢᠭ︾ ᠤᠨ ᠭᠥᠯᠢᠶᠡᠨ ᠠᠪᠴᠤ  ᠰᠢᠢᠳᠪᠦᠷᠢᠯᠡᠬᠦ᠂ ︽ᠬᠡᠯᠬᠢᠶ᠎ᠡ︾  ᠦᠢᠯᠡᠴᠢᠯᠡᠭᠡ᠂ ︽ᠨᠢᠭᠡ ᠯᠡ ᠤᠳᠠᠭ᠎ᠠ ᠶᠢᠨ ᠴᠢᠨᠠᠷᠲᠠᠶ︾ ᠪᠠᠷ  ᠰᠢᠢᠳᠪᠦᠷᠢᠯᠡᠵᠦ ᠳᠠᠭᠤᠰᠬᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ︽ᠨᠢᠭᠡ ᠡᠭᠦᠳᠡ ᠪᠠᠷ ᠣᠷᠣᠵᠤ᠂ ᠠᠯᠢᠪᠠ ᠶᠠᠪᠤᠳᠠᠯ ᠢ  ᠰᠢᠢᠳᠪᠦᠷᠢᠯᠡᠬᠦ︾ ᠳᠥᠭᠦᠮ ᠳᠥᠲᠡ ᠥᠨᠳᠥᠷ ᠪᠦᠲᠦᠮᠵᠢᠲᠡᠶ  ᠦᠢᠯᠡᠴᠢᠯᠡᠭᠡ ᠬᠠᠩᠭᠠᠵᠤ᠂ ᠠᠷᠠᠳ ᠣᠯᠠᠨ ᠤ ᠠᠵᠢᠯ ᠶᠠᠪᠤᠳᠠᠯ  ᠭᠦᠢᠴᠡᠳᠭᠡᠬᠦ ᠳᠤ ᠨᠠᠩ ᠲᠥᠬᠦᠮ  ᠦᠵᠡᠭᠦᠯᠪᠡ᠃            ᠠᠷᠠᠳ ᠤᠨ ᠠᠮᠢᠳᠤᠷᠠᠯ ᠠᠷᠠᠳ ᠤᠨ ᠵᠣᠪᠠᠨᠢᠯ ᠤᠨ ᠲᠠᠯ᠎ᠠ ᠪᠠᠷ ︽ᠬᠠᠰᠤᠬᠤ︾ ᠠᠷᠭ᠎ᠠ ᠠᠪᠴᠤ᠂ ᠨᠡᠪᠲᠡᠷᠡᠯᠴᠡᠨ  ᠦᠢᠯᠡᠴᠢᠯᠡᠬᠦ ᠶᠢ ᠰᠠᠶᠢᠲᠤᠷ ᠬᠢᠬᠦ ᠬᠡᠷᠡᠭᠲᠡᠶ᠃ ᠸᠠ ᠳ᠋ᠢ ᠰᠢᠶᠠᠩ ᠤᠨ ᠨᠠᠮ ᠪᠠ ᠤᠯᠠᠨ ᠲᠦᠮᠡᠨ ᠤ  ᠦᠢᠯᠡᠴᠢᠯᠡᠭᠡᠨ ᠤ ᠲᠥᠪ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠦᠨᠳᠦᠰᠦᠨ ᠱᠠᠲᠤᠨ ᠤ ᠨᠠᠮ ᠪᠠ ᠤᠯᠠᠨ ᠲᠦᠮᠡᠨ ᠤ ᠠᠵᠢᠯ ᠤᠨ ᠦᠨᠳᠦᠰᠦᠨ ᠡᠭᠦᠰᠦᠯᠲᠡ ᠪᠠ ᠵᠣᠭᠰᠣᠴᠠ ᠪᠣᠯᠭᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠪᠡ᠃             ︽ᠭᠤᠷᠪᠠ ᠶᠢ ᠨᠡᠮᠡᠵᠦ ᠭᠤᠷᠪᠠ ᠶᠢ ᠪᠠᠭᠠᠰᠬᠠᠬᠤ︾ ᠶᠢ ᠤᠷᠠᠨ ᠢᠶᠠᠷ ᠬᠡᠷᠡᠭᠯᠡᠵᠦ ᠴᠢᠳᠠᠮᠠᠭᠠᠢ ᠪᠠᠷ ᠬᠡᠷᠡᠭᠯᠡᠵᠦ᠂ ᠸᠠ ᠳ᠋ᠢ ᠰᠢᠶᠠᠩ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠦᠨᠳᠦᠰᠦᠨ ᠱᠠᠲᠤᠨ ᠤ ᠨᠠᠮ ᠤᠯᠠᠨ ᠲᠦᠮᠡᠨ ᠤ ᠵᠢᠷᠤᠮᠵᠢᠭᠰᠠᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠪᠢᠰᠬᠠᠯ ᠤᠨ ᠵᠢᠭᠰᠠᠭᠠᠯ ᠤᠨ ᠭᠠᠵᠠᠷ ᠤᠨ ︽ᠲᠠᠶᠢᠴᠢᠨ ᠪᠠᠬᠢᠯᠡᠯᠲᠡ ᠶᠢᠨ ᠦᠢᠯᠡᠳᠦᠯ︾ ᠪᠣᠯᠤᠨ ᠨᠠᠮ ᠤᠨ ᠭᠡᠰᠢᠭᠦᠨ ᠤ ︽ᠬᠤᠰᠢᠭᠤᠴᠢ ᠵᠢᠱᠢᠶᠡᠴᠢ ᠶᠢᠨ ᠦᠢᠯᠡᠳᠦᠯ︾ ᠢ ᠪᠠᠳᠠᠷᠠᠭᠤᠯᠵᠤ᠂ ᠨᠠᠮ ᠤᠯᠠᠨ ᠲᠦᠮᠡᠨ ᠤ ᠠᠵᠢᠯ ᠪᠣᠯᠤᠨ ᠤᠯᠠᠨ ᠲᠦᠮᠡᠨ ᠤ ᠦᠢᠯᠡᠴᠢᠯᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠵᠠᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号