ᠮᠥᠬᠦᠴᠢ ᠪᠠᠯᠭᠠᠰᠤ᠄ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠬᠥᠳᠡᠭᠡ ᠲᠣᠰᠬᠤᠨ ᠤ ︽ᠤᠯᠠᠭᠠᠨ ᠲᠤᠶᠠᠭ᠎ᠠ ᠪᠠᠳᠠᠷᠠᠨ ᠮᠠᠨᠳᠤᠬᠤ︾ ᠶᠢ ᠲᠠᠶᠢᠴᠢᠯᠠᠵᠦ ᠬᠥᠭᠵᠢᠨ ᠮᠠᠨᠳᠤᠨ᠎ᠠ
ᠨᠡᠶᠢᠲᠡᠯᠡᠭᠰᠡᠨ ᠴᠠᠭ᠄
2021/4/21
     ᠮᠥᠬᠦᠴᠢ ᠪᠠᠯᠭᠠᠰᠤ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠢᠩᠭ᠎ᠠ ᠪᠠᠶᠢᠷᠢᠯᠠᠭᠤᠯᠬᠤ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠱᠠᠳᠤ ᠶᠢ  ᠲᠠᠭᠠᠨ ᠴᠢᠩᠭ᠎ᠠ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂  ᠬᠡᠰᠡᠭ ᠬᠡᠰᠡᠭ  ᠠᠴᠠ ᠴᠡᠭ ᠬᠦᠷᠲᠡᠯ᠎ᠡ ᠯᠠᠪᠳᠠᠭᠤᠨ ᠢᠶᠠᠷ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠲᠠᠮᠵᠢᠨ ᠲᠤᠷᠰᠢᠯᠭ᠎ᠠ ᠰᠤᠷᠭᠠᠮᠵᠢ ᠶᠢ ᠰᠤᠷᠭᠠᠵᠤ᠂ ᠢᠲᠡᠭᠡᠯ ᠪᠢᠰᠢᠷᠡᠯ ᠢ ᠨᠢ ᠡᠵᠡᠮᠰᠢᠭᠦᠯᠵᠦ᠂ ᠠᠵᠢᠯ ᠶᠠᠪᠤᠳᠠᠯ ᠬᠢᠬᠦ ᠶᠢ ᠴᠢᠩᠭ᠎ᠠ ᠠᠳᠬᠤᠬᠤ ᠪᠠᠷ ᠴᠢᠷᠮᠠᠶᠢᠵᠠᠢ᠃             ᠰᠢᠷᠭᠠᠭᠤ ᠰᠤᠷᠤᠯᠴᠠᠵᠤ ︽ ᠣᠴᠢ ᠶᠢᠨ ᠭᠠᠯ︾ ᠢ ᠨᠣᠴᠣᠭᠠᠬᠤ ᠳᠤ ᠲᠤᠰᠠᠯᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠰᠤᠷᠤᠯᠴᠠᠬᠤ ᠲᠥᠰᠦᠯ᠂ ᠠᠭᠤᠯᠭ᠎ᠠ ᠵᠢᠴᠢ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠤ ᠳᠠᠷᠠᠭ᠎ᠠ᠂ ᠨᠠᠮ ᠵᠠᠰᠠᠭ ᠤᠨ ᠤᠳᠤᠷᠢᠳᠬᠤ ᠪᠠᠭ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠪᠠᠷ ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠤᠯᠠᠭᠠᠨ ᠬᠥᠰᠢᠭᠡ ᠶᠢ ᠰᠡᠬᠦᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠶ ᠱᠦᠵᠢ ᠶᠢᠨ ᠶᠠᠷᠢᠶᠠᠨ ᠤ ᠵᠣᠷᠢᠭ ᠰᠠᠨᠠᠭᠠᠨ ᠤ ︽ᠠᠩᠬᠠᠨ ᠤ ᠬᠢᠴᠢᠶᠡᠯ︾ ᠢ ᠰᠠᠶᠢᠲᠤᠷ ᠰᠤᠷᠤᠯᠴᠠᠬᠤ ᠶᠢᠨ ᠬᠠᠮᠲᠤ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠨ᠂ ᠭᠤᠤᠯᠳᠠᠯᠭ᠎ᠠ ᠶᠢ ᠳᠣᠪᠤᠶᠢᠯᠭᠠᠨ᠂ ᠪᠣᠳᠠᠲᠤ ᠦᠷ᠎ᠡ ᠪᠦᠲᠦᠮᠵᠢ ᠤᠯᠬᠤ ᠪᠠᠷ ᠬᠦᠴᠦᠯᠡᠨ ᠴᠢᠷᠮᠠᠶᠢᠬᠤ ᠶᠢ ᠲᠣᠳᠣᠷᠬᠠᠶ ᠲᠣᠭᠲᠠᠭᠠᠪᠠ᠃  ᠡᠷᠲᠡ ᠶᠢᠨ ᠬᠢᠴᠢᠶᠡᠯ ᠤᠷᠤᠢ ᠶᠢᠨ ᠰᠤᠷᠭᠠᠭᠤᠯᠢ ᠶᠢᠨ ᠨᠣᠮ ᠤᠩᠰᠢᠬᠤ ᠠᠩᠬᠢ ᠶᠢ ᠡᠷᠬᠢᠯᠡᠵᠦ᠂ ᠺᠠᠳ᠋ᠷ ᠤᠨ ᠳᠠᠭᠠᠭᠤᠯᠤᠨ ᠰᠤᠷᠤᠯᠴᠠᠬᠤ + ᠬᠢᠴᠢᠶᠡᠯ ᠤᠨ ᠳᠠᠷᠠᠭᠠᠬᠢ ᠳᠠᠪᠲᠠᠯᠭ᠎ᠠ ᠶᠢ ᠤᠶᠠᠯᠳᠤᠭᠤᠯᠵᠤ᠂ ᠡᠯ᠎ᠡ ᠭᠤᠣᠯᠳᠠᠯᠭ᠎ᠠ ᠲᠠᠢ ᠴᠠᠭ ᠬᠤᠭᠤᠴᠠᠭᠠᠨ ᠤ ᠲᠡᠦᠬᠡ ᠶᠢ ᠭᠦᠨᠵᠡᠭᠡᠢ ᠰᠤᠷᠴᠤ ᠨᠠᠷᠢᠨ ᠰᠤᠷᠴᠤ᠂ ᠤᠩᠰᠢᠵᠤ ᠣᠶᠢᠯᠠᠭᠠᠵᠤ ᠨᠡᠪᠲᠡᠷᠡᠳᠡᠯ᠎ᠠ ᠣᠶᠢᠯᠠᠭᠠᠵᠤ᠂ ︽ᠨᠠᠮ ᠤᠨ ᠲᠡᠦᠬᠡ ᠶᠢ ᠴᠢᠷᠮᠠᠶᠢᠨ ᠰᠤᠷᠤᠯᠴᠠᠵᠤ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠤᠴᠢ ᠶᠢᠨ ᠭᠠᠯ ᠢ ᠥᠨᠢᠳᠡ ᠵᠠᠯᠭᠠᠮᠵᠢᠯᠠᠬᠤ ᠳᠤ ᠲᠤᠰᠠᠯᠠᠬᠤ︾ ᠬᠤᠪᠢᠰᠬᠠᠯ ᠤᠨ ᠪᠠᠶᠢᠭᠤᠯᠤᠯᠭ᠎ᠠ ᠶᠢ ᠪᠠᠶᠢᠭᠤᠯᠤᠨ᠎ᠠ᠃             ᠤᠯᠠᠮᠵᠢᠯᠠᠯ ᠤᠨ ᠪᠦᠰᠡ ᠪᠠᠷ ᠰᠠᠭᠤᠷᠢ  ᠲᠠᠯᠪᠢᠵᠤ ︽ ᠠᠭᠤᠯᠠ ᠶᠢ ᠰᠢᠲᠠᠭᠠᠨ᠎ᠠ︾᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠢᠯᠣᠭᠤᠳᠬᠤ ᠳᠤᠭᠤᠶᠢᠯᠠᠩ ᠢ 8 ᠪᠠᠶᠢᠭᠤᠯᠵᠤ᠂ ᠨᠠᠮ ᠤᠨ ᠡᠭᠦᠷ ᠬᠤᠪᠢᠶᠠᠨ ᠵᠢᠯᠣᠭᠤᠳᠤᠨ ᠠᠬᠢᠭᠤᠯᠵᠤ᠂ ᠪᠦᠬᠦ ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ ᠢ ᠳᠠᠶᠢᠴᠢᠯᠠᠨ ᠨᠠᠮ ᠤᠨ ᠲᠡᠦᠬᠡ ᠶᠢ ᠢᠳᠡᠪᠬᠢᠲᠡᠢ ᠰᠤᠷᠤᠯᠴᠠᠭᠤᠯᠵᠤ᠂ ᠤᠳᠤᠷᠢᠳᠬᠤ ᠺᠠᠳ᠋ᠷᠴᠤᠳ ᠤᠨ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠭᠤᠯᠭ᠎ᠠ ᠶᠢᠨ ︽ᠭᠤᠴᠣᠯᠠᠯ ᠰᠢ︾ ᠶᠢ ᠪᠦᠬᠦ ᠪᠠᠯᠭᠠᠰᠤᠨ ᠤ ︽ᠨᠠᠶᠢᠷᠠᠯ ᠳᠠᠭᠤᠤ︾ ᠪᠣᠯᠭᠠᠨ ᠬᠤᠪᠢᠷᠠᠭᠤᠯᠪᠠ᠃  ᠸᠢᠴᠠᠲ ᠤᠨ ᠠᠵᠢᠯ ᠤᠨ ᠪᠦᠯᠬᠦᠮ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠵᠡᠷᠭᠡ ᠰᠦᠯᠵᠢᠶᠡᠨ ᠳᠡᠭᠡᠷᠡᠬᠢ ᠲᠠᠪᠴᠠᠩ ᠢᠶᠠᠷ ᠳᠠᠮᠵᠢᠭᠤᠯᠤᠨ ᠠᠯᠪᠠᠨ ᠤ ᠲᠠᠯ᠎ᠠ ᠶᠢᠨ ᠲᠠᠪᠴᠠᠩ ᠤᠨ ᠨᠡᠶᠢᠲᠡᠯᠡᠭᠰᠡᠨ ︽ᠨᠠᠮ ᠤᠨ ᠲᠡᠤᠬᠡᠨ ᠳᠡᠭᠡᠷᠡᠬᠢ ᠥᠨᠥᠳᠦᠷ︾ ︽ᠨᠠᠮ ᠤᠨ ᠲᠡᠤᠬᠡ ᠶᠢᠨ ᠥᠯᠢᠭᠡᠷ ᠤᠨ ᠵᠠᠭᠤᠨ ᠲᠠᠶᠢᠯᠤᠮᠵᠢ︾ ᠵᠡᠷᠭᠡ ᠠᠭᠤᠯᠭ᠎ᠠ ᠶᠢ ᠰᠢᠯᠵᠢᠭᠦᠯᠦᠨ ᠨᠡᠶᠢᠲᠡᠯᠡᠵᠦ᠂ ᠠᠭᠤᠯᠭ᠎ᠠ ᠶᠢᠨ ᠲᠠᠯ᠎ᠠ ᠪᠠᠷ ᠬᠠᠮᠤᠭ ᠤᠨ ᠰᠢᠨ᠎ᠡ ᠶᠢ ᠪᠠᠲᠤᠯᠠᠵᠤ᠂ ᠬᠡᠪᠴᠢᠶ᠎ᠡ ᠶᠢ ᠪᠦᠬᠦᠨ ᠢ ᠪᠦᠷᠬᠦᠬᠦᠯᠵᠦ᠂ ᠥᠷᠭᠡᠨ ᠤᠯᠠᠨ ᠨᠠᠮ ᠤᠨ ᠭᠡᠰᠢᠭᠦᠨ ᠤ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠨ᠎ᠡ ᠨᠠᠮ ᠤᠨ ᠡᠭᠦᠷ ᠤᠨ ᠪᠠᠲᠤ ᠪᠠᠬᠢ ᠰᠠᠭᠤᠷᠢ ᠶᠢ ᠪᠠᠬᠢᠵᠢᠭᠦᠯᠵᠦ᠂ ︽ᠪᠦᠬᠦ ᠭᠡᠰᠢᠭᠦᠳ ᠲᠡᠦᠬᠡ ᠰᠤᠷᠤᠯᠴᠠᠵᠤ ᠵᠡᠷᠭᠡᠪᠡᠷ ᠤᠷᠤᠭᠰᠢᠯᠠᠵᠤ᠂ ᠰᠠᠭᠤᠷᠢ ᠲᠠᠯᠪᠢᠵᠤ ᠠᠭᠤᠯᠠ ᠰᠢᠲᠠᠭᠠᠬᠤ︾ ᠬᠤᠪᠢᠰᠬᠠᠯ ᠤᠨ ᠳᠤᠷᠠᠰᠬᠠᠯᠲᠤ ᠪᠠᠯᠭᠠᠰᠤ ᠲᠣᠰᠬᠤᠨ ᠢ ᠪᠦᠳᠦᠬᠡᠨ ᠪᠠᠶᠢᠭᠤᠯᠬᠤ ᠬᠡᠷᠡᠭᠲᠡᠢ᠃          ᠢᠳᠬᠠᠯ ᠰᠠᠨᠠᠭᠤᠯᠭ᠎ᠠ ᠶᠢ ︽ᠳᠤᠷᠤᠨ᠎ᠠ ᠶᠢᠨ ᠰᠠᠯᠬᠢᠨ ᠢ ᠠᠰᠢᠭᠯᠠᠬᠤ︾ ᠶᠢ ᠤᠬᠠᠭᠤᠯᠪᠠ᠃  ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠱᠠᠭᠠᠷᠳᠠᠯᠭ᠎ᠠ ᠪᠠᠨ ᠪᠠᠲᠤ ᠴᠡᠭᠡᠵᠢᠯᠡᠵᠦ᠂ ᠤᠯᠠᠨ ᠲᠦᠮᠡᠨ ᠤ ᠬᠠᠯᠠᠭᠤᠨ ᠤᠲᠠᠰᠤ᠂ ᠰᠠᠨᠠᠯ ᠤᠨ ᠰᠢᠦᠳᠠᠨ ᠬᠠᠶᠢᠷᠴᠠᠭ᠂ ᠬᠡᠷᠡᠭᠴᠡᠭᠡ ᠶᠢ ᠠᠰᠠᠭᠤᠬᠤ ᠠᠯᠪᠠᠨ ᠵᠠᠷ ᠵᠡᠷᠭᠡ ᠶᠢ ᠭᠠᠷᠭᠠᠵᠤ ︽ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ︾ ᠶᠢᠨ ᠬᠠᠮᠲᠤ ᠠᠶᠢᠯ ᠲᠣᠰᠬᠤᠨ ᠳᠤ ᠬᠦᠷᠴᠦ ᠤᠯᠠᠨ ᠲᠦᠮᠡᠨ ᠲᠠᠢ ᠨᠢᠭᠤᠷᠳᠠᠵᠤ᠂ ᠰᠡᠳᠬᠢᠯ ᠵᠢᠷᠦᠬᠡ ᠪᠠᠨ ᠬᠤᠯᠪᠣᠵᠤ᠂ ︽ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ︾ ᠭᠤᠷᠪᠠᠨ  ᠠᠰᠠᠭᠤᠬᠤ ᠠᠵᠢᠯᠯᠠᠭ᠎ᠠ ᠶᠢ ᠦᠨᠡᠨᠬᠦ ᠰᠠᠶᠢᠲᠤᠷ ᠬᠢᠬᠦ ᠬᠡᠷᠡᠭᠲᠡᠢ᠃ ᠲᠤᠮᠤ ᠯᠠᠪᠠᠷ ᠢᠶᠠᠷ ᠨᠠᠮ ᠤᠨ ᠲᠡᠦᠬᠡ ᠶᠢᠨ ᠦᠯᠢᠭᠡᠷ ᠤᠨ ᠲᠤᠰᠬᠠᠢ ᠪᠤᠯᠤᠩ ᠢ ᠨᠡᠪᠲᠡᠷᠡᠭᠦᠯᠬᠦ ᠶᠢᠨ ᠬᠠᠮᠲᠤ ᠬᠡᠷᠡᠭᠴᠡᠭᠡ ᠠᠰᠠᠭᠤᠬᠤ ᠠᠯᠪᠠᠨ ᠵᠠᠷ ᠢ ᠨᠡᠪᠲᠡᠷᠡᠭᠦᠯᠵᠦ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠭᠡᠯ ᠠᠷᠠᠳ ᠤᠨ ᠭᠡᠷ ᠲᠤ ᠭᠦᠨᠵᠡᠭᠡᠶᠢᠷᠡᠭᠦᠯᠵᠦ᠂ ᠪᠠᠰᠠ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠴᠢᠩ ᠰᠡᠳᠬᠢᠯ ᠤᠨ ᠰᠡᠳᠬᠢᠯᠭᠡ ᠶᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠢ ᠬᠦᠯᠢᠶᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠲᠤᠬᠢᠷᠠᠯᠴᠠᠭᠰᠠᠠ ᠪᠣᠳᠠᠲᠠᠢ ᠶᠠᠪᠤᠳᠠᠯ ᠬᠢᠬᠦ ᠪᠠᠶᠢᠷᠢᠰᠢᠯ ᠢ ᠪᠦᠷᠢᠯᠳᠦᠭᠦᠯᠵᠡᠢ᠃            ᠳᠠᠷᠠᠭᠠᠴᠢ ᠶᠢᠨ ᠠᠯᠬᠤᠮ ᠳᠤ᠂ ᠮᠥᠭᠦᠴᠢ ᠪᠠᠯᠭᠠᠰᠤ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠲᠦᠷᠦᠯ ᠬᠤᠪᠢᠶᠠᠨ ᠬᠤᠷᠢᠶᠠᠩᠭᠤᠶᠢᠯᠠᠵᠤ᠂ ᠠᠵᠢᠯ ᠶᠠᠪᠤᠳᠠᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠷᠠᠳ ᠤᠯᠠᠨ ᠤ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨᠬᠦ ᠰᠠᠶᠢᠲᠤᠷ ᠡᠮᠬᠢᠯᠡᠵᠦ᠂ ᠪᠣᠳᠠᠲᠠᠢ ᠵᠠᠳᠠᠯᠵᠤ᠂ ᠪᠣᠳᠠᠲᠠᠢ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠠᠨᠤᠮᠵᠢᠲᠠᠢ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠮᠥᠭᠦᠴᠢ ᠪᠠᠯᠭᠠᠰᠤ ᠶᠢ ᠪᠠᠶᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠨ᠎ᠡ︕
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号