ᠰᠢᠩ ᠬᠤᠸᠠ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠲᠠᠢ ᠬᠤᠯᠪᠣᠭᠠᠯᠠᠨ ︽ᠪᠥᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/22
     2021 ᠣᠨ ᠤ 4  ᠰᠠᠷ᠎ᠠ ᠶᠢᠨ  15 — 21       ᠤ  ᠡᠳᠦᠷ ᠪᠣᠯ 27 ᠳ᠋ᠤᠭᠠᠷ ᠬᠤᠭᠤᠴᠠᠭᠠᠨ ᠤ ︽ᠪᠥᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ︾ ᠪᠣᠯᠤᠨ᠎ᠠ᠂ ︽ᠡᠷᠡᠭᠦᠯ ᠡᠩᠬᠡ ᠳᠤᠮᠳᠠᠳᠤ ᠤᠯᠤᠰ — ᠠᠮᠢ ᠨᠠᠰᠤ ᠶᠢ ᠬᠠᠯᠠᠮᠵᠢᠯᠠᠨ ᠬᠠᠶᠢᠷᠠᠯᠠᠵᠤ ᠰᠢᠨᠵᠢᠯᠡᠬᠦ ᠤᠬᠠᠭᠠᠨᠴᠢ ᠪᠠᠷ ᠥᠮᠡᠨ ᠢ ᠰᠡᠷᠭᠡᠶᠢᠯᠡᠶ᠎ᠡ︾ ᠭᠡᠬᠦ ᠭᠤᠤᠯ ᠰᠡᠳᠦᠪ ᠢᠶᠠᠷ ᠣᠯᠠᠨ ᠲᠦᠮᠡᠨ ᠤ ᠥᠮᠡᠨ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠮᠡᠨ ᠢ ᠰᠡᠷᠭᠡᠶᠢᠯᠡᠨ ᠥᠮᠡᠨ ᠡᠪᠡᠳᠴᠢᠨ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠥᠩ ᠨᠡᠶᠢᠭᠡᠮ ᠲᠣᠭᠤᠷᠢᠭ ᠤᠨ ᠬᠠᠮᠲᠤᠷᠠᠭᠰᠠᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ᠃        ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠠᠯᠪᠠᠨ ᠵᠢᠷᠤᠮ ᠤᠨ ᠡᠮᠴᠢᠯᠡᠭᠡᠨ ᠤ ᠠᠰᠠᠭᠤᠨ ᠯᠠᠪᠯᠠᠬᠤ ᠲᠠᠪᠴᠠᠩ ᠭᠠᠷᠭᠠᠵᠤ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠨᠢ ᠰᠠᠭᠤᠭᠠᠯᠢ ᠠᠷᠠᠳ ᠲᠤ  ᠰᠦᠢᠳᠭᠡᠯ ᠬᠤᠷᠢᠶᠠᠬᠤ ᠥᠬᠡᠶ ᠪᠠᠷ ᠠᠰᠠᠭᠤᠨ ᠯᠠᠪᠯᠠᠬᠤ᠂ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠨᠡᠶᠢᠭᠡᠮ ᠲᠣᠭᠤᠷᠢᠭ ᠤᠨ ᠬᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠯᠪᠠᠨ ᠵᠢᠷᠤᠮ ᠤᠨ ᠡᠮᠴᠢᠯᠡᠭᠡᠨ ᠤ ᠵᠥᠪᠯᠡᠯᠭᠡ ᠥᠭᠬᠦ ᠵᠡᠷᠭᠡ ᠬᠡᠯᠪᠡᠷᠢ ᠪᠠᠷ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠦᠨ᠎ᠡ᠃ ᠤᠯᠠᠨ ᠲᠦᠮᠡᠨ ᠢ ᠬᠠᠪᠰᠤᠷᠴᠤ ᠪᠠᠶᠢᠭᠠᠳ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠢ ᠨᠢ ᠬᠤᠪᠢᠷᠠᠭᠤᠯᠪᠠᠯ ᠥᠮᠡᠨ ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠵᠦ ᠴᠢᠳᠠᠬᠤ᠂ ᠵᠢᠷᠤᠮᠵᠢᠭᠰᠠᠨ ᠥᠮᠡᠨ ᠡᠪᠡᠳᠴᠢᠨ ᠢ ᠰᠡᠷᠭᠡᠶᠢᠯᠡᠬᠦ ᠪᠡᠶ᠎ᠡ ᠶᠢᠨ ᠪᠠᠶᠢᠴᠠᠭᠠᠯᠲᠠ ᠬᠢᠪᠡᠯ ᠥᠮᠡᠨ ᠡᠪᠡᠳᠴᠢᠨ ᠢ ᠡᠷᠲᠡ ᠢᠯᠡᠷᠡᠭᠦᠯᠵᠦ ᠴᠢᠳᠠᠬᠤ ᠵᠡᠷᠭᠡ ᠦᠵᠡᠯᠲᠡ ᠶᠢ ᠪᠤᠢ ᠪᠣᠯᠭᠠᠨ᠎ᠠ᠃        ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠥᠮᠡᠨ ᠡᠪᠡᠳᠴᠢᠨ ᠢ ᠰᠡᠷᠭᠡᠶᠢᠯᠡᠬᠦ ᠣᠶᠢᠯᠠᠭᠠᠭᠳᠠᠬᠤᠨ ᠢ ᠲᠦᠭᠡᠮᠡᠯᠵᠢᠭᠦᠯᠦᠨ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠪᠤᠰᠤ ᠠᠮᠢᠳᠤᠷᠠᠯ ᠤᠨ ᠳᠠᠳᠬᠠᠯ ᠠᠴᠠ ᠵᠠᠶᠢᠳᠠᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ  ᠦᠢᠯᠡᠳᠦᠯᠭᠡᠵᠢᠭᠦᠯᠦᠨ᠂ ᠬᠠᠪᠤᠳᠠᠷ ᠢ ᠪᠦᠲᠦᠮᠵᠢᠲᠡᠶ ᠰᠡᠷᠭᠡᠶᠢᠯᠡᠨ ᠵᠠᠰᠠᠬᠤ ᠶᠢ ᠪᠡᠶᠡᠯᠡᠭᠦᠯᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号