ᠭᠤᠤ ᠲᠠᠢ ᠽᠢ ᠵᠡᠭᠡᠯᠢ ᠭᠤᠳᠤᠮᠵᠢ ᠶᠢᠨ ᠰᠢᠬᠢᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ︽ᠳᠡᠯᠡᠬᠡᠢ ᠶᠢᠨ ᠪᠥᠮᠪᠥᠷᠴᠡᠭ ᠢᠶᠠᠨ ᠲᠠᠨᠢᠵᠣ ᠳᠡᠯᠡᠬᠡᠢ ᠶᠢᠨ ᠪᠦᠮᠪᠦᠷᠴᠡᠭ ᠢᠶᠠᠨ ᠬᠠᠮᠠᠭᠠᠯᠠᠵᠤ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ︾  ᠳᠡᠯᠡᠬᠡᠢ ᠶᠢᠨ ᠪᠥᠮᠪᠥᠷᠴᠡᠭ ᠤᠨ ᠡᠳᠦᠷ ᠤᠨ ᠭᠤᠣᠯ ᠰᠡᠳᠦᠪᠲᠦ  ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2021/4/25
     4 ᠰᠠᠷ᠎ᠠ ᠶᠢᠨ  22     ᠤᠨ ᠡᠳᠦᠷ᠂ ᠭᠤᠤ ᠲᠠᠢ ᠽᠢ ᠵᠡᠭᠡᠯᠢ ᠶᠢᠨ ᠰᠢᠬᠢᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ︽ᠳᠡᠯᠡᠬᠡᠢ ᠶᠢᠨ ᠪᠥᠮᠪᠥᠷᠴᠡᠭ ᠢᠶᠠᠨ ᠲᠠᠨᠢᠵᠣ ᠳᠡᠯᠡᠬᠡᠢ ᠶᠢᠨ ᠪᠦᠮᠪᠦᠷᠴᠡᠭ ᠢᠶᠠᠨ ᠬᠠᠮᠠᠭᠠᠯᠠᠵᠤ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ︾  ᠳᠡᠯᠡᠬᠡᠢ ᠶᠢᠨ ᠪᠥᠮᠪᠥᠷᠴᠡᠭ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ  ᠪᠠᠶᠢᠭᠤᠯᠪᠠ᠃            ᠨᠡᠶᠢᠭᠡᠮ ᠲᠣᠭᠤᠷᠢᠭ ᠤᠨ ᠠᠵᠢᠯᠲᠠᠳ ᠨᠡᠶᠢᠭᠡᠮ ᠲᠣᠭᠤᠷᠢᠭ ᠲᠤ ᠬᠦᠷᠴᠦ ᠤᠯᠠᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ ᠠᠷᠠᠳ ᠲᠤ ᠳᠡᠯᠡᠬᠡᠢ ᠶᠢᠨ ᠪᠥᠮᠪᠥᠷᠴᠡᠭ ᠤᠨ ᠮᠡᠳᠡᠯᠭᠡ ᠶᠢ ᠣᠶᠢᠯᠠᠭᠠᠭᠤᠯᠵᠤ᠂ ᠳᠡᠯᠡᠬᠡᠢ ᠶᠢᠨ ᠪᠥᠮᠪᠥᠷᠴᠡᠭ ᠢ ᠬᠠᠶᠢᠷᠠᠯᠠᠬᠤ᠂ ᠳᠡᠯᠡᠬᠡᠢ ᠶᠢᠨ ᠪᠥᠮᠪᠥᠷᠴᠡᠭ ᠢ ᠬᠠᠮᠠᠭᠠᠯᠠᠬᠤ ᠤᠬᠠᠮᠰᠠᠷ ᠢ ᠬᠥᠮᠦᠵᠢᠭᠦᠯᠵᠡᠢ ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠶᠢᠨ ᠠᠰᠢᠭ ᠲᠤᠰᠠ ᠶᠢ ᠭᠦᠨᠵᠡᠭᠡᠶ ᠣᠶᠢᠯᠠᠭᠠᠭᠤᠯᠵᠤ᠂ ᠪᠣᠬᠢᠷᠲᠤᠯ ᠥᠬᠡᠶ ᠠᠮᠢᠳᠤᠷᠠᠯ ᠢ ᠰᠠᠨᠠᠭᠠᠴᠢᠯᠠᠭᠤᠯᠪᠠ᠃         ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠣᠷᠴᠢᠨ ᠠᠬᠤᠶ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠳᠠᠭᠠᠬᠤ᠂ ᠪᠠᠶᠢᠭᠠᠯᠢ ᠶᠢ ᠬᠠᠮᠠᠭᠠᠯᠠᠬᠤ︾ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠪᠣᠶ ᠪᠣᠯᠭᠠᠵᠤ᠂ ᠣᠯᠠᠨ ᠲᠦᠮᠡᠨ ᠢ ᠳᠠᠶᠢᠴᠢᠯᠠᠨ ︽ᠡᠬᠢ ᠪᠠᠶᠠᠯᠢᠭ ᠢ ᠠᠷᠪᠢᠯᠠᠬᠤ᠂ ᠳᠡᠯᠡᠬᠡᠶ ᠶᠢᠨ ᠪᠥᠮᠪᠥᠷᠴᠡᠭ ᠢ ᠬᠠᠮᠠᠭᠠᠯᠠᠬᠤ︾ ᠪᠣᠬᠢᠷᠲᠤᠯ ᠥᠬᠡᠶ ᠦᠢᠯᠡ ᠠᠵᠢᠯᠯᠠᠭ᠎ᠠ ᠶᠢ ᠢᠳᠡᠪᠬᠢᠲᠡᠶ ᠦᠶ᠋ᠯᠡᠳᠦᠯᠭᠡᠵᠢᠭᠦᠯᠵᠦ᠂ ᠨᠠᠩ ᠣᠯᠠᠨ ᠰᠠᠭᠤᠭᠠᠯᠢ ᠠᠷᠠᠳ ᠢ ᠳᠡᠯᠡᠬᠡᠶ ᠶᠢᠨ ᠪᠥᠮᠪᠥᠷᠴᠡᠭ ᠢ ᠬᠠᠮᠠᠭᠠᠯᠠᠬᠤ᠂ ᠣᠷᠴᠢᠨ ᠠᠬᠤᠶ ᠶᠢ ᠬᠠᠮᠠᠭᠠᠯᠠᠬᠤ ᠡᠩᠨᠡᠭᠡ ᠳᠤ ᠣᠷᠣᠯᠴᠠᠭᠤᠯᠬᠤ ᠪᠠᠷ ᠤᠷᠢᠶᠠᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号