ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠬᠦ ᠲᠤᠬᠠᠶ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/4/25
    ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ         ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠬᠦ ᠲᠤᠬᠠᠶ ᠪᠠᠶᠢᠷᠢᠯᠠᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠪᠠ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ             ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 21      ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠶ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠵᠠᠢ᠃         ᠬᠤᠷᠠᠯ ᠳᠤ ᠵᠢᠭᠠᠨ ᠭᠠᠷᠭᠠᠬᠤ ᠳᠤ ᠪᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠭᠦᠳᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠨᠢᠳᠤᠨᠤᠨ ᠲᠥᠪ ᠤᠨ ᠡᠳ᠋ ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠰᠢᠶᠠᠨ ᠤ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ  ᠰᠦᠢᠳᠭᠡᠯ ᠢ ᠪᠠᠭᠤᠷᠠᠭᠤᠯᠬᠤ ᠳᠤ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠦᠢᠯᠡᠳᠦᠯ ᠪᠠᠳᠠᠷᠠᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠰᠢᠭᠤᠳ ᠬᠦᠷᠭᠡᠬᠦ ᠲᠣᠭᠲᠠᠴᠠ ᠶᠢ ᠪᠠᠶᠢᠩᠭᠤᠵᠢᠭᠤᠯᠬᠤ ᠨᠢ ᠨᠢᠳᠤᠨᠤᠨ ᠤ ᠰᠢᠭᠤᠳ ᠬᠦᠷᠭᠡᠬᠦ ᠪᠡᠯᠡ ᠮᠥᠩᠭᠦ ᠶᠢ ᠪᠦᠬᠦᠨ ᠢ ᠨᠡᠮᠡᠭᠳᠡᠯ ᠪᠡᠯᠡ ᠮᠥᠩᠭᠦ ᠪᠣᠯᠭᠠᠭᠰᠠᠨ ᠲᠠᠢ ᠠᠳᠠᠯᠢ ᠦᠭᠡᠢ᠂ ᠡᠨᠡ ᠵᠢᠯ ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭᠠᠨ᠎ᠠ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠠᠰᠢᠭ ᠲᠤᠰᠠ ᠶᠢᠨ ᠪᠠᠶᠢᠷᠢᠰᠢᠯ ᠢ ᠥᠭᠡᠷᠡᠴᠢᠯᠡᠨ ᠲᠣᠬᠢᠷᠠᠭᠤᠯᠬᠤ ᠪᠠᠷ ᠳᠠᠮᠵᠢᠭᠤᠯᠤᠨ᠂ ᠲᠥᠪ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ ᠪᠡᠯᠡ ᠮᠥᠩᠭᠦ ᠶᠢ ᠪᠦᠬᠦᠨ ᠢ ᠨᠢ ᠰᠢᠭᠤᠳ ᠬᠦᠷᠭᠡᠬᠦ ᠬᠡᠪᠴᠢᠶᠡᠨ ᠳᠤ ᠣᠷᠣᠭᠤᠯᠵᠤ᠂ ᠪᠡᠯᠡ ᠮᠥᠩᠭᠦ  ᠶᠢᠨ ᠶᠡᠷᠦᠩᠬᠡᠶ ᠬᠡᠮᠵᠢᠶ᠎ᠡ ᠶᠢ 2.8 ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠣᠳᠣᠬᠠᠨ ᠳᠤ ᠲᠥᠪ ᠤᠨ ᠡᠳ᠋ ᠤᠨ ᠵᠠᠰᠠᠭ ᠠᠴᠠ ᠰᠢᠭᠤᠳ ᠪᠠᠭᠤᠯᠭᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ 2.2 ᠲᠦᠮᠡᠨ ᠳ᠋ᠦᠩᠰᠢᠭᠤᠷ ᠭᠠᠷᠤᠢ ᠲᠥᠭᠦᠷᠢᠭ ᠢ ᠨᠢᠭᠡᠨᠲᠡ ᠪᠠᠯᠠ ᠮᠥᠩᠭᠦ ᠬᠡᠷᠡᠭᠯᠡᠬᠦ ᠨᠢᠭᠡᠴᠢ ᠳᠤ ᠪᠠᠭᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ ᠭᠤᠤᠯᠳᠠᠯᠭ᠎ᠠ ᠶᠢ ᠳᠣᠪᠤᠶᠢᠯᠭᠠᠨ᠎ᠠ᠃ ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠳᠠᠭᠠᠤ ᠪᠠᠬᠢᠵᠢᠭᠦᠯᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠰᠢᠭᠤᠳ ᠬᠦᠷᠭᠡᠬᠦ ᠪᠠᠯᠠ ᠮᠥᠩᠭᠦ ᠶᠢ ᠬᠡᠰᠡᠭ ᠱᠠᠲᠤ ᠦᠶᠡᠴᠢ ᠴᠢᠨᠠᠷᠲᠠᠶ ᠲᠥᠷᠥ ᠶᠢᠨ ᠪᠣᠳᠣᠯᠭ᠎ᠠ ᠶᠢᠨ ︽ᠪᠠᠭᠤᠷᠠᠯᠲᠠ︾ ᠶᠢᠨ ᠨᠥᠯᠥᠭᠡ ᠶᠢ ᠠᠷᠢᠯᠭᠠᠬᠤ ᠴᠢᠬᠤᠯᠠ ᠠᠷᠭ᠎ᠠ ᠪᠠᠷᠢᠯ ᠤᠨ ᠨᠢᠭᠡ ᠨᠢ ᠪᠣᠯᠭᠠᠵᠤ᠂ ᠲᠠᠭᠦᠨ ᠢ ᠭᠤᠤᠯᠳᠠᠭᠤ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠵᠦ᠂ ᠪᠠᠯᠠ ᠮᠥᠩᠭᠦ ᠶᠢ ᠣᠯᠠᠨ ᠲᠦᠮᠡᠨ ᠤ ᠬᠦᠰᠡᠯ ᠡᠷᠡᠮᠡᠯᠵᠡᠯ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ ᠤ ᠴᠠᠯᠢᠩ ᠢ ᠪᠠᠲᠤᠯᠠᠬᠤ ᠪᠠ ᠡᠷᠭᠢᠯᠲᠡ ᠶᠢ ᠪᠠᠲᠤᠯᠠᠬᠤ ᠳᠤ ᠬᠡᠷᠡᠭᠯᠡᠨ᠂ ᠨᠠᠩ ᠣᠯᠠᠨ ᠡᠳ᠋ ᠤᠨ ᠬᠦᠴᠦᠨ ᠢ ᠲᠥᠪᠯᠡᠷᠡᠭᠦᠯᠦᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ ᠣᠷᠣᠭᠤᠯᠤᠯᠲᠠ ᠶᠢ ᠨᠡᠮᠡᠭᠳᠡᠭᠦᠯᠵᠦ ᠂ ᠲᠠᠷᠢᠶᠠᠯᠠᠩ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ  ᠶᠢ ᠳᠡᠮᠵᠢᠨ᠎ᠡ᠃ ᠬᠤᠶᠠᠷ ᠲᠤ᠂ ᠣᠷᠣᠨ ᠨᠤᠲᠤᠭ ᠢ ᠰᠢᠪᠠᠳᠠᠵᠤ ᠪᠠᠶᠢᠭᠠᠳ ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠶᠢ ᠪᠠᠭᠤᠯᠭᠠᠬᠤ ᠪᠠ ᠬᠡᠷᠡᠭᠯᠡᠬᠦ ᠠᠵᠢᠯ ᠢ ᠰᠠᠶᠢᠲᠤᠷ ᠬᠢᠯᠭᠡᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠨ᠎ᠠ᠃ ᠣᠷᠣᠨ ᠨᠤᠲᠤᠭ ᠢ ᠵᠢᠯᠣᠭᠤᠳᠴᠤ ᠪᠠᠶᠢᠭᠠᠳ ᠲᠥᠪ ᠤᠨ ᠰᠢᠭᠤᠳ ᠬᠦᠷᠭᠡᠬᠦ ᠪᠡᠯᠡ ᠮᠥᠩᠭᠦ ᠶᠢᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ ᠱᠠᠲᠤᠨ ᠤ ᠵᠠᠰᠠᠭ ᠤᠨ ᠣᠷᠳᠣᠨ ᠦᠷᠭᠦᠯᠵᠢᠯᠡᠨ ︽ᠵᠠᠮ ᠤᠨ ᠨᠠᠮᠰᠠᠷᠠᠢ ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ ᠡᠭᠦᠷᠦᠭᠰᠡᠨ ᠨᠣᠶᠠᠨ︾ ᠪᠣᠯᠵᠤ ᠪᠣᠯᠬᠤ ᠦᠭᠡᠢ᠂ ᠨᠠᠩ ᠣᠯᠠᠨ ᠡᠳ᠋  ᠤᠨ ᠬᠦᠴᠦᠨ ᠢᠶᠠᠨ ᠳᠣᠷᠣᠭᠰᠢ ᠪᠠᠭᠤᠯᠭᠠᠵᠤ᠂ ᠦᠨᠳᠦᠰᠦᠨ ᠱᠠᠲᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠶ᠃ ᠭᠤᠷᠪᠠ ᠳᠤ᠂ ᠰᠢᠭᠤᠳ ᠬᠦᠷᠭᠡᠬᠦ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠳᠠᠯᠠᠨ᠎ᠠ᠃ ᠡᠳ᠋ ᠤᠨ ᠵᠠᠰᠠᠭ᠂ ᠬᠢᠨᠠᠨ ᠪᠤᠳᠤᠯᠲᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠬᠢᠨᠠᠯᠲᠠ ᠪᠠᠨ ᠴᠢᠩᠭᠠᠳᠬᠠᠵᠤ᠂ ᠣᠷᠣᠨ ᠨᠤᠲᠤᠭ ᠤᠨ ᠪᠠᠯᠠ ᠮᠥᠩᠭᠦ ᠬᠤᠪᠢᠶᠠᠷᠢᠯᠠᠭᠰᠠᠨ᠂ ᠰᠠᠯᠭᠠᠨ ᠥᠭᠭᠦᠭᠰᠡᠨ ᠪᠠ ᠬᠡᠷᠡᠭᠯᠡᠭᠰᠡᠨ ᠪᠠᠶᠢᠳᠠᠯ ᠢ ᠬᠥᠳᠡᠯᠦᠩᠭᠦᠶ ᠪᠠᠷ ᠮᠥᠷᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ ᠵᠠᠯᠠᠷᠠᠭᠤᠯᠵᠤ᠂ ᠬᠠᠮᠢᠶ᠎ᠠ ᠪᠥᠬᠦᠶ ᠣᠷᠣᠨ ᠨᠤᠲᠤᠭ ᠵᠢᠴᠢ ᠬᠠᠷᠢᠭᠤᠴᠠᠯᠭᠠᠲᠠᠳ ᠲᠠᠢ ᠪᠠᠶᠢᠳᠠᠯ ᠢ ᠨᠢ ᠦᠵᠡᠵᠦ ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠨᠢᠭᠡ ᠶᠢ ᠣᠯᠵᠤ ᠮᠡᠳᠡᠪᠡᠯ ᠨᠢᠭᠡ ᠶᠢ ᠲᠦᠢᠯᠪᠤᠷᠢᠲᠠᠶ ᠪᠠᠶᠢᠴᠠᠭᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠰᠢᠭᠤᠳ ᠪᠠᠯᠠ ᠮᠥᠩᠭᠦ ᠶᠢ ᠣᠨᠢᠨ ᠳᠡᠭᠡᠷ᠎ᠡ ᠨᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠨᠠᠩ ᠰᠠᠶᠢᠨ ᠪᠠᠳᠠᠷᠠᠭᠤᠯᠬᠤ ᠬᠡᠷᠡᠭᠲᠡᠶ ᠭᠡᠵᠡᠢ᠃            ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ᠃ ᠲᠥᠰᠦᠯ ᠳᠤ ᠲᠠᠷᠢᠶᠠᠨ ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠤᠯᠠᠮ ᠨᠢᠭᠡ ᠠᠯᠬᠤᠮ ᠲᠣᠳᠣᠷᠬᠠᠶ ᠬᠢᠵᠠᠭᠠᠷᠯᠠᠵᠤ᠂ ᠲᠠᠷᠢᠶᠠᠨ ᠭᠠᠵᠠᠷ ᠤᠨ ︽ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ  ᠨᠢ ᠭᠠᠵᠠᠷ ᠰᠢᠷᠣᠶ ᠲᠠᠲᠠᠪᠤᠷᠢᠯᠠᠬᠤ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ ᠤᠷᠢᠳᠴᠢᠯᠠᠨ ᠵᠠᠷᠯᠠᠬᠤ ᠳᠦᠷᠢᠮ ᠢ ᠲᠣᠭᠲᠠᠭᠠᠵᠤ᠂ ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ ᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ ᠦᠭᠡᠶ ᠭᠡᠵᠦ ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ ᠣᠷᠣᠨ ᠰᠠᠭᠤᠴᠠ ᠶᠢᠨ ᠭᠠᠵᠠᠷ ᠤᠨ ᠬᠡᠷᠡᠭᠴᠡᠭᠡ ᠶᠢ ᠪᠠᠲᠤᠯᠠᠵᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠠᠰᠢᠭ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ ᠪᠠᠰᠠ ᠭᠠᠵᠠᠷ ᠰᠢᠷᠣᠶ ᠶᠢ ᠰᠢᠪᠠᠳᠠᠨ ᠪᠠᠶᠢᠴᠠᠭᠠᠬᠤ ᠲᠦᠷᠢᠮ ᠢ ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠂ ᠬᠥᠳᠡᠯᠦᠩᠭᠦᠶ ᠲᠣᠭᠤᠷᠢᠨ ᠪᠠᠶᠢᠴᠠᠭᠠᠬᠤ ᠵᠡᠷᠭᠡ ᠲᠣᠭᠲᠠᠴᠠ  ᠶᠢ ᠪᠠᠶᠢᠭᠤᠯᠬᠤ ᠶᠢᠨ ᠵᠡᠷᠭᠡᠴᠡᠭᠡ ᠲᠠᠷᠢᠶᠠᠨ ᠭᠠᠵᠠᠷ ᠢ ᠡᠪᠳᠡᠬᠦ᠂ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ  ᠭᠦᠢᠴᠡᠳᠭᠡᠬᠦ ᠶᠢ ᠲᠡᠪᠴᠢᠬᠦ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ  ᠨᠤᠭᠤᠳ ᠢ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ ︾ ᠶᠢ ᠰᠢᠢᠳᠭᠡᠬᠦ ᠲᠤᠬᠠᠶ ᠲᠣᠭᠲᠠᠭᠠᠯ ᠨᠡᠮᠡᠭᠰᠡᠨ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠤᠡᠷᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号