ᠰᠢᠶᠠᠩ ᠶᠠᠩ ᠵᠡᠭᠡᠯᠢ ᠭᠤᠳᠤᠮᠵᠢ ᠶᠢᠨ ᠰᠢᠶᠠᠩ ᠶᠠᠩ ᠲᠣᠰᠬᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠢᠵᠠᠭᠠᠷᠲᠤ ᠺᠣᠮᠫᠠᠨᠢ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/4/27
    ᠣᠶᠢᠷ᠎ᠠ ᠳᠤ᠂ ᠰᠢᠶᠠᠩ ᠶᠠᠩ ᠵᠡᠭᠡᠯᠢ ᠭᠤᠳᠤᠮᠵᠢ ᠶᠢᠨ ᠰᠢᠶᠠᠩ ᠶᠠᠩ ᠲᠣᠰᠬᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠵᠠᠭᠠᠷᠲᠤ ᠺᠣᠮᠫᠠᠨᠢ ᠰᠢᠶᠠᠩ ᠶᠠᠩ ᠲᠣᠰᠬᠤᠨ ᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠲᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠥᠯᠥᠨ ᠪᠤᠶᠢᠷ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠶᠠᠩ ᠰᠢᠶᠤᠤ ᠭᠠᠩ᠂ ᠳᠡᠳ᠋ ᠡᠷᠬᠢᠯᠡᠭᠴᠢ  ᠹᠧᠩ ᠳ᠋ᠢᠶᠠᠨ ᠴᠤᠤ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠯᠢᠶᠠᠩ ᠰᠢᠤᠢ᠂ ᠵᠡᠭᠡᠯᠢ ᠭᠤᠳᠤᠮᠵᠢ ᠶᠢᠨ ᠤᠳᠤᠷᠢᠳᠤᠯᠭ᠎ᠠ ᠵᠢᠴᠢ ᠡᠯ᠎ᠡ ᠨᠡᠶᠢᠭᠡᠮ ᠲᠣᠭᠤᠷᠢᠭ᠂ ᠲᠣᠰᠬᠤᠨ ᠤ ᠬᠤᠶᠠᠷ ᠵᠥᠪᠯᠡᠯ ᠤᠨ 40 ᠭᠠᠷᠤᠶ ᠭᠡᠰᠢᠭᠦᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠠᠶ᠃ ᠰᠢᠶᠠᠩ ᠶᠠᠩ ᠵᠡᠭᠡᠯᠢ ᠭᠤᠳᠤᠮᠵᠢ ᠶᠢᠨ ᠳᠡᠳ᠋ ᠱᠦᠵᠢ ᠯᠢ ᠰᠢᠨ ᠫᠠᠶᠢᠰᠠ ᠰᠡᠬᠦᠬᠦ ᠶᠣᠰᠣᠯᠠᠯ ᠢ ᠡᠷᠬᠢᠯᠡᠪᠡ᠃        ᠫᠠᠶᠢᠰᠠ ᠰᠡᠬᠦᠬᠦ ᠶᠣᠰᠣᠯᠠᠯ ᠳᠡᠭᠡᠷ᠎ᠡ᠂ ᠶᠠᠩ ᠰᠢᠶᠤᠤ ᠭᠠᠩ ᠠᠴᠠ ᠿᠢ ᠰᠢᠤᠢ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠪᠠᠶᠢᠭᠤᠯᠤᠭᠳᠠᠭᠰᠠᠨ ᠳᠤ ᠪᠠᠶᠠᠷ ᠬᠦᠷᠭᠡᠵᠦ᠂ ᠰᠢᠶᠠᠩ ᠶᠠᠩ ᠲᠣᠰᠬᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠠᠶᠢᠭᠤᠯᠤᠭᠳᠠᠭᠰᠠᠨ ᠨᠢ ᠶᠠᠳᠠᠭᠤ ᠶᠢ ᠲᠡᠳᠬᠦᠬᠦ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠭᠰᠠᠨ ᠶᠠᠪᠤᠳᠠᠯ ᠪᠣᠯᠤᠨ᠎ᠠ᠃  ᠶᠠᠩ ᠰᠢᠶᠤᠤ ᠭᠠᠩ᠂ ᠿᠢ ᠰᠢᠤᠢ ᠬᠠᠩᠭᠠᠯᠭ᠎ᠠ ᠶᠢᠨ ᠬᠤᠷᠰᠢᠶ᠎ᠠ ᠶᠢᠨ ᠬᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠭᠡ ᠲᠠᠯ᠎ᠠ ᠠᠴᠠ ᠡᠭᠦᠰᠬᠦ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠳᠤ ᠦᠢᠯᠡᠴᠢᠯᠡᠬᠦ ᠡᠨᠡᠬᠦ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ  ᠬᠦᠷᠢᠶ᠎ᠡ ᠶᠢ ᠥᠷᠭᠡᠳᠬᠡᠵᠦ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠪᠦᠲᠦᠮᠵᠢᠲᠡᠢ ᠲᠠᠪᠴᠠᠩ ᠪᠣᠯᠬᠤ ᠶᠢ ᠲᠦᠷᠭᠡᠳᠬᠡᠵᠦ᠂ ᠨᠠᠮ ᠪᠣᠯᠤᠨ ᠵᠠᠰᠠᠭ ᠤᠨ ᠣᠷᠳᠣᠨ ᠤ ᠲᠠᠷᠢᠶᠠᠴᠢᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠪᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃            ᠣᠶᠢᠯᠠᠭᠠᠭᠰᠠᠨ ᠢᠶᠠᠷ᠂ ᠿᠢ ᠰᠢᠤᠢ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠵᠠᠭᠠᠷᠲᠤ ᠺᠣᠮᠫᠠᠨᠢ ᠪᠣᠯ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠨᠢᠭᠡᠴᠡ ᠶᠢᠨ ᠬᠥᠯᠥᠨ ᠪᠤᠶᠢᠷ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠵᠣᠬᠢᠴᠠᠭᠤᠯᠭ᠎ᠠ ᠳᠣᠤᠷ᠎ᠠ᠂ ᠬᠥᠯᠥᠨ ᠪᠤᠶᠢᠷ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠣᠯᠠᠨ ᠤᠳᠠᠭᠠᠨ ᠤ ᠭᠦᠨᠵᠡᠭᠡᠶ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠢᠳᠡᠪᠬᠢᠲᠡᠶ ᠪᠠᠷ ᠵᠣᠬᠢᠴᠠᠭᠤᠯᠤᠨ ᠲᠥᠯᠥᠪᠯᠡᠵᠦ ᠪᠠᠶᠢᠭᠠᠳ ᠪᠠᠶᠢᠭᠤᠯᠤᠭᠰᠠᠨ ᠲᠣᠰᠬᠤᠨ ᠤ ᠲᠠᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢ ᠪᠠᠶᠢᠭᠤᠯᠤᠭᠰᠠᠨ ᠶᠤᠮ᠃ ᠭᠤᠣᠯ ᠡᠵᠡᠩᠨᠡᠯᠲᠡ ᠶᠢᠨ  ᠬᠦᠷᠢᠶ᠎ᠡ  ᠬᠡᠪᠴᠢᠶ᠎ᠡ ᠨᠢ ᠳᠠᠷᠢᠵᠤ ᠲᠡᠵᠢᠭᠡᠨ ᠦᠷᠡᠵᠢᠭᠦᠯᠬᠦ ᠪᠠᠷ ᠣᠨᠴᠠᠯᠢᠭ ᠢᠶᠠᠨ ᠪᠣᠯᠭᠠᠵᠤ᠂ ᠮᠠᠯ ᠲᠡᠵᠢᠭᠡᠪᠦᠷᠢ ᠭᠡᠷ ᠤᠨ ᠵᠢᠭᠦᠷᠲᠡᠨ ᠤ ᠲᠡᠵᠢᠭᠡᠯ ᠪᠣᠷᠳᠤᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠡᠳᠦᠷ ᠲᠤᠳᠤᠮ ᠤᠨ ᠠᠷᠰᠠᠷ ᠵᠦᠢᠯ ᠵᠡᠷᠭᠡ ᠲᠦᠷᠦᠯ ᠵᠦᠢᠯ ᠢ ᠪᠣᠷᠣᠯᠠᠭᠤᠯᠵᠤ᠂ ᠲᠣᠰᠬᠤᠨ ᠤ ᠠᠷᠠᠳ ᠲᠤ ᠦᠢᠯᠡᠴᠢᠯᠡᠵᠦ᠂ ᠲᠣᠰᠬᠤᠨ ᠤ ᠠᠷᠠᠳ ᠤᠨ ᠠᠵᠤ ᠠᠬᠤᠢ ᠶᠢᠨ ᠣᠷᠣᠯᠭ᠎ᠠ ᠶᠢ ᠳᠡᠭᠡᠭᠰᠢᠯᠡᠭᠦᠯᠦᠨ᠎ᠡ᠂ ᠿᠢ ᠰᠢᠤᠢ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠠᠩᠭᠠᠨ ᠪᠣᠷᠣᠯᠠᠭᠤᠯᠬᠤ ᠬᠢᠵᠠᠭᠠᠷᠲᠤ ᠺᠣᠮᠫᠠᠨᠢ ᠶᠢᠨ ᠪᠠᠶᠢᠭᠤᠯᠤᠭᠳᠠᠭᠰᠠᠨ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠢᠨ᠎ᠡ ᠡᠬᠢᠯᠡᠯᠲᠡ ᠪᠣᠯᠤᠨ᠎ᠠ᠂ ᠮᠥᠨᠴᠦ ᠰᠢᠶᠠᠩ ᠶᠠᠩ  ᠲᠣᠰᠬᠤᠨ ᠤ ᠬᠥᠭᠵᠢᠯᠲᠡ ᠶᠢᠨ ᠰᠢᠨ᠎ᠡ ᠠᠶᠠᠨ ᠪᠣᠯᠤᠨ᠎ᠠ᠃           ᠬᠤᠶᠢᠰᠢᠳᠠ᠂ ᠰᠢᠶᠠᠩ ᠶᠠᠩ ᠲᠣᠰᠬᠤᠨ ᠤ ᠿᠢ ᠰᠢᠤᠢ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠵᠠᠭᠠᠷᠲᠤ ᠺᠣᠮᠫᠠᠨᠢ ᠵᠠᠯᠠᠨ ᠠᠶᠢᠯ ᠤᠨ ᠬᠠᠩᠭᠠᠨ ᠪᠣᠷᠣᠯᠠᠭᠤᠯᠬᠤ ᠬᠤᠷᠰᠢᠶ᠎ᠠ ᠲᠠᠢ ᠨᠢᠭᠲᠠ ᠬᠠᠮᠲᠤᠷᠠᠯᠴᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠲᠥᠷᠥᠯ ᠤᠨ  ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠶᠢ ᠨᠢᠭᠡ ᠴᠤᠭᠴᠠᠵᠢᠭᠤᠯᠬᠤ ᠣᠨᠴᠠᠯᠢᠭ ᠢ ᠪᠠᠳᠠᠷᠠᠭᠤᠯᠤᠨ᠂ ᠰᠢᠨᠵᠢᠯᠡᠬᠦ ᠤᠬᠠᠭᠠᠨᠴᠢ ᠲᠠᠷᠢᠶᠠᠯᠠᠩ ᠤᠨ ᠬᠥᠭᠵᠢᠯᠲᠡ ᠶᠢᠨ ᠰᠢᠰᠲ᠋ᠧᠮ ᠢ ᠪᠦᠷᠢᠯᠳᠦᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ ᠶᠢ ᠲᠠᠷᠢᠶᠠᠴᠢᠳ ᠤᠨ ᠲᠦᠰᠢᠭ ᠲᠤᠯᠭᠠᠭᠤᠷᠢ᠂ ᠪᠠᠶᠠᠵᠢᠯ ᠤᠨ ᠬᠥᠭᠦᠷᠭᠡ ᠪᠣᠯᠭᠠᠵᠤ᠂ ᠲᠣᠰᠬᠤᠨ ᠤ ᠠᠷᠠᠳ ᠤᠨ ᠬᠡᠷ ᠤᠨ ᠡᠭᠦᠳᠡᠨ ᠳᠠᠬᠢ ᠥᠪᠡᠷ ᠤᠨ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠭᠠᠨ᠎ᠠ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠠᠷᠠᠳ ᠢ  ᠪᠠᠶᠠᠵᠢᠭᠤᠯᠣᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号