ᠳ᠋ᠠ ᠾᠧ ᠸᠠᠨ ᠪᠠᠯᠭᠠᠰᠤ ︽5 · 1︾ ᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/4/27
     ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠪᠠᠶᠢᠷᠢᠯᠠᠭᠤᠯᠤᠯᠲᠠ ᠪᠠ ᠵᠠ ᠠᠨ ᠵᠥᠪᠯᠡᠯ ᠠᠯᠪᠠᠨ ᠥᠰᠥᠭ ︹ 2021 ︺ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠠᠷᠢᠯᠭᠠᠨ᠂ ᠠᠶᠤᠯᠭᠦᠶ  ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠠᠶᠤᠯᠭᠦᠶ  ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠪᠠᠯᠭᠠᠰᠤᠨ ᠤ ᠠᠶᠤᠯᠭᠦᠶ  ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 26 ᠤ ᠡᠳᠦᠷ᠂ ᠳ᠋ᠠ ᠾᠧ ᠸᠠᠨ ᠪᠠᠯᠭᠠᠰᠤ ︽5.1︾ ᠤ ᠠᠮᠠᠷᠠᠯᠲᠠ ᠶᠢᠨ ᠬᠤᠭᠤᠴᠠᠭᠠᠨ ᠤ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃         ᠲᠣᠰ ᠤᠳᠠᠭᠠᠨ ᠤ ᠪᠠᠶᠢᠴᠠᠭᠠᠯᠲᠠ ᠶᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠤᠨ ᠬᠤᠷᠢᠶᠠᠨ ᠤ ᠱᠦᠵᠢ ᠯᠢᠦ ᠬᠤᠩ ᠪᠢᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠪᠠᠯᠭᠠᠰᠤᠨ ᠤ ᠠᠶᠤᠯᠭᠦᠶ  ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠢᠶᠠᠷ ᠲᠦᠷᠦᠭᠦᠯᠡᠭᠦᠯᠦᠭᠰᠡᠨ᠂ ᠲᠣᠮᠢᠯᠠᠭᠰᠠᠨ ᠰᠠᠯᠪᠤᠷᠢ᠂ ᠴᠠᠬᠢᠯᠭᠠᠨ ᠥᠷᠲᠡᠭᠡ᠂ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ᠂ ᠢᠳᠡᠭᠡᠨ ᠪᠠ ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠨᠢᠭᠡᠴᠡ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠪᠠᠯᠭᠠᠰᠤᠨ ᠤ ᠭᠤᠤᠯᠳᠠᠯᠭ᠎ᠠ ᠲᠠᠢ ᠬᠦᠷᠢᠶᠡᠨ ᠳᠤ ᠲᠣᠤᠷ ᠲᠠᠲᠠᠬᠤ ᠮᠠᠶ᠋ᠢᠭ ᠤᠨ ᠪᠠᠶᠢᠴᠠᠭᠠᠯᠲᠠ ᠥᠷᠨᠢᠭᠦᠯᠵᠦ᠂ ᠭᠤᠤᠯᠳᠠᠭᠤ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠠᠶᠤᠯᠭᠦᠶ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ᠂ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠭᠤᠯᠤᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠪᠠ᠃         ᠪᠠᠶᠢᠴᠠᠭᠠᠬᠤ ᠶᠠᠪᠤᠴᠠ ᠳᠤ᠂ ᠯᠢᠦ ᠬᠤᠩ ᠪᠢᠨ ᠱᠦᠵᠢ᠄ ᠨᠢᠭᠡ ᠳᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠦᠭᠡᠢ ᠭᠡᠰᠡᠨ ᠦᠵᠡᠯ ᠰᠠᠨᠠᠭ᠎ᠠ ᠶᠢ ᠪᠠᠲᠤ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠶᠠᠷ ᠲᠤ᠂ ᠬᠠᠷᠢᠭᠤᠴᠠᠯᠭ᠎ᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰ ᠤᠳᠠᠭ᠎ᠠ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠠᠶᠤᠯᠭᠦᠢ ᠦᠢᠯᠡᠳᠪᠦᠷᠢᠯᠡᠯ ᠤᠨ ᠥᠪᠡᠷ ᠤᠨ ᠪᠠᠶᠢᠴᠠᠭᠠᠯᠲᠠ ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠵᠢᠯᠳᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃ ᠭᠤᠷᠪᠠ ᠳᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠲᠡᠮᠳᠡᠭᠯᠡᠯ ᠢ ᠰᠠᠶᠢᠲᠤᠷ ᠬᠢᠵᠦ᠂ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠂ ᠬᠡᠷᠪᠡ ᠪᠠᠴᠢᠮ ᠪᠠᠶᠢᠳᠠᠯ ᠭᠠᠷᠪᠠᠯ ᠳᠠᠷᠤᠶ ᠳᠤᠨᠢ ᠪᠠᠯᠭᠠᠰᠤᠨ ᠤ ᠠᠶᠤᠯᠭᠦᠶ  ᠦᠢᠯᠡᠳᠪᠦᠷᠢᠯᠡᠯ ᠤᠨ ᠵᠥᠪᠯᠡᠯ ᠳᠤ ᠮᠡᠳᠡᠭᠦᠯᠬᠦ ᠬᠡᠷᠡᠭᠲᠡᠶ  ᠭᠡᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号