ᠭᠤᠤ ᠲᠠᠢ ᠽᠢ ᠵᠡᠭᠡᠯᠢ ᠭᠤᠳᠤᠮᠵᠢ ᠶᠢᠨ ᠬᠢᠨ ᠰᠢᠨ᠎ᠡ ᠸᠠᠺᠼᠢᠨ ᠤ ᠲᠠᠷᠢᠯᠭ᠎ᠠ ᠶᠢᠨ ᠳᠡᠩᠰᠡᠯᠡᠯᠲᠡ ᠶᠢᠨ ᠠᠵᠢᠯ ᠢ ᠣᠯᠠᠨ ᠠᠷᠭ᠎ᠠ ᠬᠡᠮᠵᠢᠶ᠎ᠡ ᠠᠪᠴᠤ ᠰᠠᠶᠢᠲᠤᠷ ᠦᠷᠨᠢᠭᠦᠯᠪᠡ
ᠨᠡᠶᠢᠲᠡᠯᠡᠭᠰᠡᠨ ᠴᠠᠭ᠄
2021/4/28
      ᠵᠠᠯᠠᠨ ᠠᠶᠢᠯ ᠬᠤᠲᠠ ᠶᠢᠨ  ᠰᠢᠨ᠎ᠡ ᠲᠢᠲᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠤ ᠲᠠᠢ ᠽᠢ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠬᠢᠨ ᠰᠢᠨ᠎ᠡ ᠲᠢᠲᠢᠮᠯᠢᠭ ᠸᠠᠺᠼᠢᠨ ᠤ ᠳᠡᠩᠰᠡᠯᠡᠯᠲᠡ ᠶᠢᠨ ᠤᠷᠢᠳᠴᠢᠯᠠᠨ ᠪᠣᠯᠵᠣᠬᠤ ᠲᠠᠷᠢᠯᠭ᠎ᠠ ᠶᠢᠨ ᠳᠡᠩᠰᠡᠯᠡᠯᠲᠡ ᠶᠢᠨ ᠠᠵᠢᠯ ᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠳᠤᠮᠳᠠᠬᠢ ᠨᠢᠭᠡᠨ ᠴᠢᠬᠤᠯᠠ ᠪᠣᠳᠠᠲᠠᠶ ᠶᠠᠪᠤᠳᠠᠯ ᠪᠣᠯᠭᠠᠵᠤ᠂ ᠯᠠᠪᠳᠠᠭᠤᠨ ᠢᠶᠠᠷ ᠳᠥᠯᠭᠢᠨ ᠠᠬᠢᠭᠤᠯᠪᠠ᠃ ᠣᠶᠢᠷ᠎ᠠ ᠳᠤ ᠲᠣᠰ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃            ᠨᠢᠭᠡ ᠳᠤ ᠨᠡᠶᠢᠭᠡᠮ ᠲᠣᠭᠤᠷᠢᠭ ᠤᠨ ᠬᠢᠨ ᠲᠡᠷᠡ ᠳᠠᠷᠤᠶ ᠳᠤᠨᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠡᠶᠢᠭᠡᠮ ᠲᠣᠭᠤᠷᠢᠭ ᠤᠨ ᠱᠦᠵᠢ ᠵᠠᠯᠠᠨ ᠠᠶᠢᠯ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠪᠠ ᠭᠤᠣ ᠲᠠᠢ ᠽᠢ ᠶᠢᠨ ᠬᠡᠷᠡᠭ ᠡᠷᠬᠢᠯᠡᠬᠦ ᠭᠠᠵᠠᠷ ᠤᠨ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠪᠦᠷᠢᠳᠬᠡᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠤᠯᠠᠮᠵᠢᠯᠠᠵᠤ᠂ ᠦᠨᠡᠨᠬᠦ ᠶᠠᠪᠤᠭᠳᠠᠭᠤᠰᠢᠲᠠᠶ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠠᠵᠢᠯ ᠢᠶᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠤᠨ᠂ ᠲᠣᠰ ᠤᠳᠠᠭᠠᠨ ᠤ ᠰᠢᠨ᠎ᠡ ᠪᠠᠷ ᠳᠠᠷᠢᠭᠰᠠᠨ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ᠂ ᠳᠠᠶᠢᠴᠢᠯᠠᠯᠲᠠ᠂ ᠳᠡᠩᠰᠡᠯᠡᠯᠲᠡ᠂ ᠪᠦᠷᠢᠳᠬᠡᠯ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃           ᠬᠤᠶᠠᠷ ᠲᠤ᠂ ᠨᠡᠶᠢᠭᠡᠮ ᠲᠣᠭᠤᠷᠢᠭ ᠤᠨ ᠬᠢᠨ ᠰᠦᠯᠵᠢᠶᠡᠨ ᠤ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ᠂ ᠲᠣᠰ ᠤᠳᠠᠭᠠᠨ ᠤ ᠰᠢᠨ᠎ᠡ ᠸᠠᠺᠼᠢᠨ ᠤ ᠤᠷᠢᠳᠴᠢᠯᠠᠨ ᠪᠣᠯᠵᠣᠬᠤ ᠳᠡᠩᠰᠡᠯᠡᠯᠲᠡ ᠶᠢᠨ ᠠᠵᠢᠯ ᠢ ᠢᠳᠡᠪᠬᠢᠲᠡᠶ ᠤᠬᠠᠭᠤᠯᠬᠤ ᠶᠢᠨ ᠬᠠᠮᠲᠤ᠂ ᠨᠡᠶᠢᠭᠡᠮ ᠲᠣᠭᠤᠷᠢᠭ ᠤᠨ ᠠᠵᠢᠯᠲᠠᠳ ᠮᠡᠳᠡᠭᠳᠡᠯ ᠢ ᠡᠷᠦᠬᠡ ᠳᠤ ᠨᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠬᠠᠭᠤᠯᠭ᠎ᠠ ᠶᠢ ᠨᠡᠶᠢᠳᠡᠮ ᠪᠦᠷᠬᠦᠭᠦᠯᠬᠦ ᠶᠢ ᠦᠨᠡᠨ ᠬᠦ ᠪᠠᠲᠤᠯᠠᠨ᠎ᠠ᠃           ᠭᠤᠷᠪᠠ ᠳᠤ᠂ ᠨᠡᠶᠢᠭᠡᠮ ᠲᠣᠭᠤᠷᠢᠭ ᠤᠨ ᠠᠵᠢᠯᠲᠠᠳ ︽ᠳ᠋ᠢᠶᠠᠩᠬᠤᠸᠠ + ᠡᠭᠦᠳᠡ ᠲᠣᠭᠰᠢᠬᠤ︾ ᠵᠡᠷᠭᠡ ᠬᠡᠯᠪᠡᠷᠢ ᠪᠠᠷ ᠳᠠᠮᠵᠢᠭᠤᠯᠤᠨ᠂ ᠶᠡᠭᠡ ᠬᠡᠪᠴᠢᠶ᠎ᠡ ᠪᠠᠷ ᠬᠡᠪᠢᠰ ᠮᠠᠶ᠋ᠢᠭ ᠤᠨ ᠲᠡᠮᠲᠡᠷᠢᠯᠲᠡ ᠬᠢᠵᠦ᠂ ᠶᠡᠭᠡ ᠪᠠᠷ ᠤᠬᠠᠭᠤᠯᠵᠤ᠂ ᠡᠯ᠎ᠡ ᠰᠠᠭᠤᠭᠠᠯᠢ ᠠᠷᠠᠳ ᠪᠣᠯᠤᠨ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠢ ︽ᠮᠡᠳᠡᠪᠡᠯ ᠵᠣᠬᠢᠬᠤ ᠶᠢ ᠨᠢ ᠪᠦᠷ ᠮᠡᠳᠡᠵᠦ︾᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ︽ᠭᠥᠯᠢᠶᠡᠨ ᠠᠪᠤᠪᠠᠯ ᠵᠣᠬᠢᠬᠤ ᠶᠢ ᠨᠢ ᠪᠦᠷ ᠭᠥᠯᠢᠶᠡᠨ ᠠᠪᠬᠤ︾ ᠶᠢ ᠪᠡᠶᠡᠯᠡᠭᠦᠯᠬᠦ ᠬᠡᠷᠡᠭᠲᠡᠶ᠃ ᠲᠣᠰ ᠤᠳᠠᠭᠠᠨ ᠤ  ᠣᠬᠠᠭᠤᠯᠭ᠎ᠠ ᠳᠤ  ᠨᠠᠭᠠᠵᠤ᠂ ᠡᠷᠦᠬᠡ ᠳᠤ ᠬᠦᠷᠭᠡᠭᠰᠡᠨ  ᠮᠡᠳᠡᠭᠳᠡᠯ ᠤᠨ ᠪᠢᠴᠢᠭ  ᠨᠡᠶᠢᠲᠡ 200 ᠭᠠᠷᠤᠶ  ᠬᠤᠪᠢ   ᠪᠣᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号