ᠰᠢ ᠶᠢᠨ ᠫᠢᠩ ᠤᠨ ︽ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ︾ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/4/28
      ᠬᠥᠮᠦᠨ ᠬᠢᠭᠡᠳ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ         — ︽ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ︾ ᠳᠡᠭᠡᠷᠡᠬᠢ ᠶᠠᠷᠢᠶ᠎ᠠ            ︵2021 ᠣᠨ ᠤ 4 ᠳ᠋ᠦ᠋ᠭᠡᠷ  ᠰᠠᠷ᠎ᠠ  ᠶᠢᠨ  22      ᠤᠨ ᠡᠳᠦᠷ᠂ ᠪᠡᠭᠡᠵᠢᠩ︶            ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠬᠦᠨᠳᠦᠲᠦ ᠶᠡᠷᠦᠩᠬᠡᠶᠢᠯᠡᠭᠴᠢ ᠪᠠᠶᠢᠳᠧᠨ᠂ ᠬᠦᠨᠳᠦᠲᠦ ᠬᠠᠮᠲᠤ ᠠᠵᠢᠯᠯᠠᠭᠰᠠᠳ ᠡ᠄        ︽ᠳᠡᠯᠡᠬᠡᠢ ᠶᠢᠨ ᠪᠥᠮᠪᠥᠷᠴᠡᠭ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ‍ᠤᠨ‌ᠬᠤᠷᠠᠯ ᠳᠤ ᠣᠷᠣᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠂ ᠡᠭᠦᠨ ᠳᠤ ᠶᠡᠷᠦᠩᠬᠡᠶᠢᠯᠡᠭᠴᠢ ᠪᠠᠶᠢᠳᠧᠨ ᠤ ᠤᠷᠢᠯᠭ᠎ᠠ ᠳᠤ ᠭᠦᠨ ᠲᠠᠯᠠᠷᠬᠠᠵᠤ ᠪᠠᠶᠢᠨ᠎ᠠ᠃ᠡᠨᠡ ᠲᠠᠰᠢᠷᠠᠮ ᠢᠶᠠᠷ᠂ ᠪᠢ ᠳᠤᠷᠠᠲᠠᠶ᠎ᠠ ᠲᠠ ᠤᠯᠠᠨ ᠲᠠᠢ ᠬᠠᠮᠲᠤ ᠠᠭᠤᠷ ᠠᠮᠢᠰᠬᠤᠯ ᠤᠨ ᠬᠤᠪᠢᠷᠠᠯᠲᠠ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ ᠥᠷᠢᠰᠥᠯᠳᠦᠭᠡᠨ ᠢ ᠠᠷᠭᠠᠴᠠᠭᠠᠬᠤ ᠠᠷᠭ᠎ᠠ ᠪᠤᠳᠤᠯᠭ᠎ᠠ ᠶᠢ ᠬᠠᠮᠲᠤ ᠪᠠᠷ ᠵᠥᠪᠳᠡᠯᠴᠡᠵᠦ᠂ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠠᠮ ᠢ ᠬᠠᠮᠲᠤ ᠪᠠᠷ ᠰᠦᠪᠡᠭᠴᠢᠯᠡᠨ᠎ᠡ᠃         ᠬᠥᠮᠦᠨ ᠲᠥᠷᠥᠯᠬᠢᠲᠡᠨ ᠠᠵᠤ ᠦᠢᠯᠡᠳᠪᠦᠷᠢ ᠶᠢᠨ ᠪᠣᠯᠪᠠᠰᠤᠨ ᠤ ᠴᠠᠭ ᠦᠶ᠎ᠡ ᠳᠤ ᠤᠷᠤᠭᠰᠠᠨ ᠠᠴᠠ ᠨᠠᠭᠠᠰᠢ᠂ ᠯᠤᠲᠤ ᠶᠡᠭᠡ ᠪᠣᠳᠠᠰ ᠤᠨ ᠡᠳ᠋ ᠪᠠᠶᠠᠯᠢᠭ ᠢ ᠡᠭᠦᠳᠦᠨ ᠪᠦᠲᠦᠭᠡᠭᠰᠡᠨ ᠤ ᠬᠠᠮᠲᠤ ᠪᠠᠶᠢᠭᠠᠯᠢ ᠶᠢᠨ ᠡᠬᠢ ᠪᠠᠶᠠᠯᠢᠭ ᠢ ᠴᠦᠯᠪᠡᠨ ᠠᠪᠬᠤ ᠶᠠᠪᠤᠳᠠᠯ ᠢ ᠲᠦᠷᠭᠡᠳᠬᠡᠵᠦ᠂ ᠳᠡᠯᠡᠬᠡᠶ ᠶᠢᠨ ᠪᠥᠮᠪᠥᠷᠴᠡᠭ ᠤᠨ ᠠᠮᠢ ᠠᠬᠤᠶ ᠶᠢᠨ ᠰᠢᠰᠲ᠋ᠧᠮ ᠤᠨ ᠲᠡᠩᠴᠡᠭᠦᠷᠢ ᠶᠢ ᠡᠪᠳᠡᠵᠦ᠂ ᠬᠥᠮᠦᠨ ᠪᠠ ᠪᠠᠶᠢᠭᠠᠯᠢ ᠶᠢᠨ ᠭᠦᠨ ᠳᠠᠪᠬᠤᠷᠭ᠎ᠠ ᠶᠢᠨ ᠵᠥᠷᠢᠴᠡᠯ ᠡᠳᠦᠷ ᠢᠷᠡᠬᠦᠶ᠎ᠡ ᠢᠯᠡᠷᠬᠡᠢ ᠪᠣᠯᠵᠤ ᠪᠣᠢ᠃ ᠤᠢᠢᠷ᠎ᠠ ᠶᠢᠨ ᠵᠢᠯ ᠤᠳ ᠲᠤ᠂ ᠠᠭᠤᠷ ᠠᠮᠢᠰᠬᠤᠯ ᠬᠤᠪᠢᠷᠠᠵᠤ᠂ ᠠᠮᠢᠳᠤ ᠪᠣᠳᠠᠰ ᠤᠯᠠᠨ ᠶᠠᠩᠵᠤᠲᠤ ᠴᠢᠨᠠᠷ ᠢᠶᠠᠨ ᠠᠯᠳᠠᠵᠤ᠂ ᠴᠦᠯᠡᠷᠬᠡᠭᠵᠢᠯ ᠶᠠᠪᠤᠬᠤ ᠳᠤᠲᠤᠮ ᠰᠢᠷᠦᠭᠦᠰᠴᠦ᠂ᠲᠦᠢᠯ ᠤᠨ ᠠᠭᠤᠷ ᠠᠮᠢᠰᠬᠤᠯ ᠤᠨ ᠬᠡᠷᠡᠭ ᠣᠯᠠᠨᠲᠠ ᠡᠭᠦᠰᠴᠦ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠳᠤ ᠬᠦᠨᠳᠦ ᠬᠡᠴᠡᠭᠦᠦ‌ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠥᠷᠪᠢᠰᠦᠨ ᠳᠡᠯᠭᠡᠷᠡᠵᠦ᠂ ᠡᠯ᠎ᠡ‌ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠯᠠᠮ ᠬᠡᠴᠡᠭᠦᠳᠡᠭᠦᠯᠵᠦ ᠪᠠᠶᠢᠨ᠎ᠠ᠃ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠤᠷᠢᠳᠤ‌ᠡᠮᠦᠨ᠎ᠡ ᠪᠠᠶᠢᠭ᠎ᠠ ᠦᠭᠡᠢ ᠬᠦᠴᠢᠷ ᠪᠡᠷᠬᠡᠰᠢᠶᠡᠯ ᠤᠨ ᠡᠮᠦᠨ᠎ᠡ᠂ ᠳᠡᠯᠡᠬᠡᠢ ᠨᠡᠶᠢᠭᠡᠮ ᠢᠶᠠᠷ ᠢᠶᠠᠨ ᠤᠷᠢᠳᠤ ᠡᠮᠦᠨ᠎ᠡ ᠪᠠᠶᠢᠭ᠎ᠠ ᠦᠭᠡᠢ ᠠᠤᠭ᠎ᠠ ᠵᠣᠷᠢᠭ ᠪᠣᠯᠤᠨ ᠦᠢᠯᠡ‌ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠮᠦᠨ ᠪᠠ ᠪᠠᠶᠢᠭᠠᠯᠢ ᠶᠢᠨ ᠠᠮᠢ ᠨᠠᠰᠤᠨ ‍ᠤ‌ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠪᠠᠯ ᠵᠣᠬᠢᠨ᠎ᠠ᠃         — ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠶ᠎ᠠ᠃ ︽ᠲᠦᠮᠡᠨ ᠪᠣᠳᠠᠰ ᠥᠪᠡᠷ ᠥᠪᠡᠷ ᠤᠨ ᠡᠶ᠎ᠡ ᠵᠤᠬᠢᠴᠠᠯ ᠲᠠᠢ᠂ ᠥᠪᠡᠷ ᠥᠪᠡᠷ ᠤᠨ ᠰᠢᠮ᠎ᠡ ᠬᠦᠷᠳᠡᠭᠡᠯ ᠲᠠᠢ︾᠃ ᠡᠬᠡ ᠪᠠᠶᠢᠭᠠᠯᠢ ᠪᠣᠯ ᠬᠥᠮᠦᠨ ᠲᠥᠷᠥᠯᠬᠢᠲᠡᠨ ᠢ ᠪᠠᠭᠲᠠᠭᠠᠭᠰᠠᠨ ᠠᠯᠢᠪᠠ ᠠᠮᠢᠳᠤ ᠪᠣᠳᠠᠰ ‍ᠤᠨ‌ᠥᠯᠥᠭᠡᠶ ᠮᠥᠨ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠬᠦ ᠶᠢᠨ ᠦᠨᠳᠦᠰᠦᠨ ᠨᠥᠬᠦᠴᠡᠯ ᠮᠥᠨ᠃ ᠡᠬᠡ ᠪᠠᠶᠢᠭᠠᠯᠢ ᠬᠥᠮᠦᠨ ᠲᠥᠷᠥᠯᠬᠢᠲᠡᠨ ᠢ‌‍ᠪᠤᠶᠢᠵᠢᠭᠤᠯᠤᠨ ᠲᠡᠵᠢᠭᠡᠵᠦ ᠪᠠᠶᠢᠭ᠎ᠠ ᠪᠣᠯᠬᠤᠷ ᠬᠥᠮᠦᠨ ᠲᠥᠷᠥᠯᠬᠢᠲᠡᠨ ᠪᠠᠶᠢᠭᠠᠯᠢ ᠪᠠᠷ ᠦᠨᠳᠦᠰᠦ ᠪᠣᠯᠭᠠᠨ᠂ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ᠪᠠᠶᠢᠭᠠᠯᠢ ᠶᠢ ᠬᠠᠮᠠᠭᠠᠯᠠᠪᠠᠯ ᠵᠣᠬᠢᠨ᠎ᠠ᠃ ᠪᠠᠶᠢᠭᠠᠯᠢ ᠶᠢ ᠬᠦᠨᠳᠦᠳᠬᠡᠬᠦ ᠦᠭᠡᠢ᠂ ᠪᠠᠶᠢᠭᠠᠯᠢ ᠶᠢᠨ ᠵᠢᠮ᠎ᠡ ᠶᠣᠰᠣ ᠠᠴᠠ ᠵᠥᠷᠢᠴᠡᠪᠡᠯ ᠠᠶᠠᠨᠳᠠᠭᠠᠨ ᠪᠠᠶᠢᠭᠠᠯᠢ‌‍ᠶ᠋ᠢᠷᠲᠢᠨᠴᠦ ᠶᠢᠨ ᠰᠢᠢᠳᠬᠡᠯ ᠢ ᠣᠯᠣᠨ᠎ᠠ᠃ ᠪᠠᠶᠢᠭᠠᠯᠢ ᠬᠡᠷᠪᠡ ᠰᠢᠰᠲ᠋ᠧᠮ ᠤᠨ ᠴᠢᠨᠠᠷᠲᠠᠶ ᠡᠪᠳᠡᠯᠡᠭᠡ ᠳᠤ ᠤᠴᠠᠷᠠᠪᠠᠯ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ‌‍ᠬᠥ᠋ᠭᠵᠢᠬᠦ ᠨᠢ ᠳᠠᠷᠤᠶ ᠡᠬᠢ ᠦᠭᠡᠢ ᠤᠰᠤ᠂ ᠦᠨᠳᠦᠰᠦ ᠦᠭᠡᠢ ᠮᠣᠳᠣ ᠪᠣᠯᠤᠭᠰᠠᠨ ᠲᠠᠢ ᠠᠳᠠᠯᠢ ᠪᠣᠯᠳᠠᠭ᠃ ᠪᠢᠳᠡ ᠨᠢᠳᠦᠨ ᠤ ᠴᠡᠴᠡᠭᠡᠢ ᠪᠠᠨ ᠬᠠᠮᠠᠭᠠᠯᠠᠬᠤ ᠲᠠᠢ‌ᠠᠳᠠᠯᠢ ᠪᠠᠷ ᠪᠠᠶᠢᠭᠠᠯᠢ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃        — ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠶ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ᠃ ᠠᠮᠢ‌ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ ᠠᠬᠤᠶ ᠶᠢᠨ ᠣᠷᠴᠢᠨ‌‍ᠲ᠋ᠣᠭᠤᠷᠢᠨ ᠢ ᠰᠠᠶᠢᠵᠢᠷᠠᠭᠤᠯᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ᠂ ᠡᠨᠡ ᠪᠣᠯ ᠪᠣᠷᠣᠭᠵᠢᠭᠤᠨ ᠦᠨᠡᠨ ᠶᠣᠰᠣ‌ᠮᠥ᠋ᠨ᠃ ᠪᠢᠳᠡ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠶᠢᠨ ᠵᠠᠭᠪᠤᠷ ᠢ ᠲᠠᠶᠠᠭᠳᠠᠵᠤ᠂ ᠣᠷᠴᠢᠨ ᠲᠣᠭᠤᠷᠢᠨ ᠢ‌ᠦᠷᠡᠭᠳᠡᠭᠦᠯᠵᠦ ᠪᠠᠶᠢᠭᠠᠳ ᠨᠢᠭᠡ ᠴᠠᠭ ᠤᠨ ᠬᠥᠭᠵᠢᠯᠲᠡ ᠶᠢ ᠰᠣᠯᠢᠬᠤ ᠣᠬᠤᠷ ᠪᠣᠳᠣᠯ ᠬᠢᠳᠡᠯ ᠢ ᠲᠠᠶᠠᠭᠳᠠᠬᠤ ᠬᠡᠷᠡᠭᠲᠡᠢ᠃ ᠤᠳᠤ ᠦᠶ᠎ᠡ ᠶᠢᠨ ᠰᠢᠨᠵᠢᠯᠡᠬᠦ ᠤᠬᠠᠭᠠᠨ‌ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠶᠡᠭᠡ ᠴᠢᠭᠯᠡᠯ ᠳᠤ ᠵᠣᠬᠢᠴᠠᠭᠤᠯᠵᠤ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠯᠲᠠ ᠵᠢᠨ‌ᠠᠪᠴᠢᠷᠠᠭᠰᠠᠨ ᠯᠤᠲᠤ ᠶᠡᠭᠡ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠠᠵᠤ ᠠᠬᠤᠢ᠂ ᠡᠨᠧᠷᠭᠢ᠂ ᠠᠵᠤ‌ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠶᠡᠭᠡ ᠪᠠᠷ ᠠᠬᠢᠭᠤᠯᠵᠤ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢᠶᠠᠷ ᠪᠦᠬᠦ ᠪᠥᠮᠪᠥᠷᠴᠡᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦ᠋ᠢᠴᠡ ᠬᠥᠭᠵᠢᠯᠲᠡ ᠶᠢᠨ ᠲᠤᠯᠭᠠᠭᠤᠷᠢᠯᠠᠯ ᠪᠣᠯᠭᠠᠬᠤ ᠬᠡᠷᠡᠭᠲᠡᠢ᠃        — ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠶ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ‌‍ᠪᠣᠯ ᠰᠠᠯᠵᠤ ᠪᠣᠯᠤᠰᠢ ᠦᠬᠡᠢ ᠠᠮᠢ ᠠᠬᠤᠶ ᠶᠢᠨ ᠰᠢᠰᠲ᠋ᠧᠮ ᠮᠥᠨ᠃ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠲᠣᠯᠣᠭᠠᠶ ᠡᠪᠡᠳᠪᠡᠯ‌‍ᠲ᠋ᠣᠯᠣᠭᠠᠶ ᠶᠢ ᠨᠢ ᠡᠮᠨᠡᠵᠦ᠂ ᠬᠦᠯ ᠡᠪᠡᠳᠪᠡᠯ ᠬᠦᠯ ᠢ ᠨᠢ ᠡᠮᠨᠡᠬᠦ ᠠᠷᠭ᠎ᠠ ᠶᠢ ᠬᠡᠷᠡᠭᠯᠡᠵᠦ ᠪᠣᠯᠬᠤ ᠦᠭᠡᠢ᠃ ᠪᠢᠳᠡ ᠠᠮᠢ ᠠᠬᠤᠶ ᠶᠢᠨ ᠰᠢᠰᠲ᠋ᠧᠮ ᠤᠨ ᠳᠣᠲᠣᠭᠠᠳᠤ ᠵᠢᠮ᠎ᠡ‌‍ᠶᠣᠰᠣ ᠶᠢ ᠦᠨᠳᠦᠰᠦᠯᠡᠨ᠂ ᠪᠠᠶᠢᠭᠠᠯᠢ ᠠᠮᠢ ᠠᠬᠤᠶ ᠶᠢᠨ ᠡᠯ᠎ᠡ ᠴᠢᠬᠤᠯᠠ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠭᠦᠨ ᠤ ᠤᠯᠠᠮ ᠠᠴᠠ ᠠᠮᠢ‌ᠠᠬᠤᠶ ᠶᠢᠨ ᠰᠢᠰᠲ᠋ᠧᠮ ᠤᠨ ᠣᠷᠴᠢᠯ ᠤᠨ ᠴᠢᠳᠠᠪᠤᠷᠢ ᠶᠢ ᠨᠡᠮᠡᠭᠳᠡᠭᠦᠯᠬᠦ ᠪᠠ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠬᠠᠷᠠᠯᠲᠠ ᠳᠤ ᠬᠦᠷᠬᠦ ᠬᠡᠷᠡᠭᠲᠡᠶ᠃       — ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠶ᠎ᠠ᠃ ᠠᠮᠢ ᠠᠬᠤᠶ ᠶᠢᠨ ᠣᠷᠴᠢᠨ ᠲᠣᠭᠤᠷᠢᠨ ᠨᠢ ᠡᠯ᠎ᠡ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠪᠢᠳᠡ ᠡᠷᠬᠡᠪᠰᠢ ᠡᠯ᠎ᠡ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ᠂ ᠰᠢᠯᠢᠳᠡᠭ‌‍ᠰᠠᠶᠢᠨ ᠣᠷᠴᠢᠨ ᠲᠣᠭᠤᠷᠢᠨ ᠤ ᠲᠤᠬᠠᠢ ᠬᠦᠰᠡᠯ ᠡᠷᠡᠮᠡᠯᠵᠡᠯ᠂ ᠦᠷ᠎ᠡ ᠬᠤᠶᠢᠴᠢᠰ ᠲᠤ ᠪᠠᠨ ᠬᠠᠷᠢᠭᠤᠴᠠᠬᠤ ᠬᠠᠷᠢᠭᠤᠴᠠᠯᠭ᠎ᠠ ᠶᠢ ᠭᠦᠢᠴᠡᠳ ᠪᠣᠳᠣᠯᠬᠢᠯᠠᠵᠤ᠂ ᠣᠷᠴᠢᠨ‌‍ᠲ᠋ᠣᠭᠤᠷᠢᠨ ᠢ ᠬᠠᠮᠠᠭᠠᠯᠠᠬᠤ ᠪᠠ ᠠᠵᠤ ᠠᠬᠤᠢ ᠶᠢ ᠬᠥᠭᠵᠢᠭᠦᠯᠬᠦ᠂ ᠠᠵᠢᠯ ᠣᠯᠭᠤᠬᠤ ᠨᠥᠬᠦᠴᠡᠯ ᠢ ᠡᠭᠦᠳᠬᠦ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠵᠢ‌ᠵᠣᠬᠢᠴᠠᠭᠤᠯᠤᠨ ᠦᠷ᠎ᠡ ᠠᠰᠢᠭ ᠤᠨ ᠨᠡᠮᠡᠭᠳᠡᠯ ᠢ ᠰᠦᠪᠡᠭᠴᠢᠯᠡᠵᠦ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ ᠨᠡᠶᠢᠭᠡᠮ ᠤᠨ ᠲᠥᠪ ᠭᠤᠣᠯᠴᠢ‌‍ᠰᠢᠳᠤᠷᠭᠤ ᠶᠣᠰᠣ ᠶᠢ ᠴᠢᠷᠮᠠᠶᠢᠨ ᠪᠡᠶᠡᠯᠡᠭᠦᠯᠵᠦ᠂ ᠡᠯ᠎ᠡ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ‌‍ᠲ᠋ᠦ᠋ᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ᠃      — ᠤᠯᠠᠨ ᠲᠠᠯᠠᠲᠤ ᠦᠵᠡᠯ ᠢ ᠪᠠᠷᠢᠮᠲᠠᠯᠠᠶ᠎ᠠ᠃ ᠪᠢᠳᠡ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠬᠤ᠂ ᠲᠥᠪ ᠭᠤᠣᠯᠴᠢ ᠰᠢᠳᠤᠷᠭᠤ ᠶᠣᠰᠣ ᠪᠠᠷ‌ᠭᠤᠣᠯ ᠵᠣᠷᠢᠯᠲᠠ ᠪᠣᠯᠭᠠᠬᠤ᠂ ᠪᠦᠲᠦᠮᠵᠢᠲᠡᠢ ᠠᠵᠢᠯᠯᠠᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ‌ᠭᠤᠣᠯ ᠪᠣᠯᠭᠠᠭᠰᠠᠨ ᠤᠯᠠᠨ ᠤᠯᠤᠰ ᠤᠨ ᠲᠣᠭᠲᠠᠯᠴᠠᠭ᠎ᠠ ᠶᠢ ᠬᠠᠮᠠᠭᠠᠯᠠᠨ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ‍ᠤᠨ‌ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠵᠢᠴᠢ ︽ᠫᠠᠷᠢᠰ ᠤᠨ ᠬᠡᠯᠡᠯᠴᠡᠭᠡᠷ︾ ᠤᠨ ᠬᠠᠷᠠᠯᠲᠠ ᠪᠠ ᠵᠠᠷᠴᠢᠮ ᠢ ᠵᠢᠷᠤᠮᠯᠠᠵᠤ᠂ 2030 ᠣᠨ ‍ᠤ‌ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠵᠦᠢᠯ ᠢ ᠴᠢᠷᠮᠠᠶᠢᠨ ᠨᠠᠶᠢᠳᠠᠪᠤᠷᠢᠵᠢᠭᠤᠯᠬᠤ ᠬᠡᠷᠡᠭᠲᠡᠢ︔ ᠲᠤᠰ ᠪᠡᠶ᠎ᠡ ᠶᠢᠨ ᠠᠵᠢᠯᠯᠠᠭ᠎ᠠ ᠪᠠᠨ ᠴᠢᠩᠭᠠᠳᠬᠠᠵᠤ᠂ ᠬᠠᠨᠢᠲᠠᠨ ᠤ ᠬᠠᠷᠢᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠪᠥᠮᠪᠥᠷᠴᠡᠭ ᠤᠨ ᠨᠡᠭᠦᠷᠡᠰᠦᠲᠥ᠋ᠷᠥᠭᠴᠢ ᠵᠢᠨ‌‍ᠲ᠋ᠠᠪᠬᠤᠷ ᠢᠰᠦᠯ ᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠬᠠᠷᠢᠯᠴᠠᠨ ᠰᠤᠷᠤᠯᠴᠠᠨ ᠬᠠᠷᠢᠯᠴᠠᠨ ᠲᠤᠯᠢ ᠪᠣᠯᠭᠠᠵᠤ᠂ ᠬᠠᠷᠢᠯᠴᠠᠨ ᠠᠰᠢᠭᠲᠠᠢ‌ᠬᠠᠮᠲᠤ ᠪᠠᠷ ᠠᠰᠢᠭ ᠬᠦᠷᠲᠡᠶ᠎ᠡ᠃ ᠭᠠᠷ ᠭᠠᠷ ᠢᠶᠠᠨ ᠬᠤᠯᠪᠣᠯᠴᠠᠨ ᠬᠠᠮᠲᠤᠷᠠᠯᠴᠠᠵᠤ᠂ ᠬᠠᠷᠢᠯᠴᠠᠨ ᠵᠢᠮᠡᠯᠡᠨ ᠪᠤᠷᠤᠭᠤᠰᠢᠶᠠᠬᠤ ᠦᠬᠡᠢ︔ ᠤᠷᠲᠤ ᠬᠤᠭᠤᠴᠠᠭ᠎ᠠ ᠪᠠᠷ‌‍ᠴᠦ᠋ᠬᠦᠷᠡᠰᠢ ᠦᠭᠡᠢ ᠪᠠᠷᠢᠮᠲᠠᠯᠠᠵᠤ᠂ ᠬᠠᠷᠠᠯᠲᠠ ᠵᠣᠷᠢᠯᠲᠠ ᠪᠠᠨ ᠪᠠᠶᠢᠨ ᠳᠠᠬᠢᠨ ᠬᠤᠪᠢᠷᠠᠭᠤᠯᠵᠤ ᠪᠣᠯᠬᠤ ᠦᠭᠡᠢ︔ ᠠᠮᠠᠯᠳᠠᠭᠰᠠᠨ ᠳᠤ ᠪᠠᠨ ᠬᠦᠷᠴᠦ᠂ ᠬᠡᠯᠡᠭᠰᠡᠨ ᠳᠤ ᠪᠠᠨ‌‍ᠰᠠᠭᠤᠬᠤ ᠦᠭᠡᠢ ᠪᠠᠶᠢᠵᠤ ᠪᠣᠯᠬᠤ ᠦᠭᠡᠢ᠃        ᠠᠮᠧᠷᠢᠺᠠ ᠶᠢᠨ ᠲᠠᠯ᠎ᠠ ᠶᠢᠨ ᠬᠢᠨ ᠤ ᠤᠯᠠᠨ ᠲᠠᠯᠠᠲᠤ ᠠᠭᠤᠷ ᠠᠮᠢᠰᠬᠤᠯ ᠤᠨ ᠵᠠᠰᠠᠯᠲᠠ ᠶᠢᠨ ᠠᠬᠢᠴᠠ ᠳᠤ ᠪᠤᠴᠠᠨ ᠢᠷᠡᠭᠰᠡᠨ ᠢ ᠳᠤᠮᠳᠠᠳᠤ ᠶᠢᠨ ᠬᠢᠨ ᠪᠠᠶᠠᠷᠯᠠᠨ‌ᠤᠭᠲᠤᠵᠤ ᠪᠠᠶᠢᠨ᠎ᠠ᠃ ᠳᠤᠮᠳᠠᠳᠤ ᠠᠮᠧᠷᠢᠺᠠ ᠰᠠᠶ᠋ᠢᠬᠠᠨ ︽ᠠᠭᠤᠷ ᠠᠮᠢᠰᠬᠤᠯ ᠤᠨ ᠬᠢᠮᠤᠷᠠᠯ ᠢ ᠠᠷᠭᠠᠴᠠᠭᠠᠬᠤ ᠬᠠᠮᠲᠤᠷᠠᠭᠰᠠᠨ ᠢᠯᠡᠷᠬᠡᠶᠢᠯᠡᠯᠲᠡ︾ ᠶᠢ ᠬᠠᠮᠲᠤ ᠪᠠᠷ‌ᠨᠡᠶᠢᠲᠡᠯᠡᠪᠡ᠂ ᠠᠮᠧᠷᠢᠺᠠ ᠶᠢ ᠪᠠᠭᠲᠠᠭᠠᠭᠰᠠᠨ ᠳᠡᠯᠡᠬᠡᠢ ᠨᠡᠶᠢᠭᠡᠮ ᠲᠠᠢ ᠬᠠᠮᠲᠤ ᠪᠠᠷ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ ᠵᠢᠨ‌‍ᠲ᠋ᠥ᠋ᠯᠥᠭᠡ ᠴᠢᠷᠮᠠᠶᠢᠬᠤ ᠶᠢ ᠳᠤᠮᠳᠠᠳᠤ ᠶᠢᠨ ᠬᠢᠨ ᠬᠦᠰᠡᠵᠦ ᠪᠠᠶᠢᠨ᠎ᠠ᠃       — ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠶ᠎ᠠ᠃ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ‌ᠬᠠᠷᠢᠭᠤᠴᠠᠯᠭ᠎ᠠ ᠶᠢᠨ ᠵᠠᠷᠴᠢᠮ ᠪᠣᠯ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢᠨ ᠰᠠᠭᠤᠷᠢ ᠮᠥᠨ᠃ ᠬᠥᠭᠵᠢᠵᠦ ᠪᠠᠶᠢᠭ᠎ᠠ ᠤᠯᠤᠰ ᠤᠳ ᠬᠢᠵᠢᠭ ‍ᠤᠨ‌‍ᠪᠠᠶᠢᠳᠠᠯ ᠢ ᠡᠰᠡᠷᠭᠦᠴᠡᠬᠦ᠂ ᠠᠵᠤ ᠠᠬᠤᠶ ᠪᠠᠨ ᠬᠥᠭᠵᠢᠭᠦᠯᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠤᠯᠠᠨ ᠳᠠᠪᠬᠤᠷ ᠥᠷᠢᠰᠦᠯᠳᠦᠭᠡᠨ ᠳ᠋ᠤ᠋‌‍ᠲ᠋ᠤᠯᠭᠠᠷᠠᠵᠤ ᠪᠠᠶᠢᠨ᠎ᠠ᠃ ᠪᠢᠳᠡ ᠬᠥᠭᠵᠢᠵᠦ ᠪᠠᠶᠢᠭ᠎ᠠ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠦᠵᠡᠭᠦᠯᠦᠭᠰᠡᠨ ᠬᠤᠪᠢ‌ᠨᠡᠮᠡᠷᠢ ᠶᠢ ᠭᠦᠢᠴᠡᠳ ᠨᠤᠲᠠᠯᠠᠵᠤ᠂ ᠲᠡᠳᠡᠨ ᠤ ᠣᠨᠴᠠᠭᠠᠶ ᠬᠦᠴᠢᠷᠳᠡᠯ ᠪᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠠᠷᠠᠭᠠᠯᠵᠠᠬᠤ ᠬᠡᠷᠡᠭᠲᠡᠶ᠃ ᠬᠥᠭᠵᠢᠭᠰᠡᠨ‌ᠤᠯᠤᠰ ᠤᠳ ᠨᠡᠩ ᠶᠡᠭᠡ ᠠᠤᠭ᠎ᠠ ᠵᠣᠷᠢᠭ ᠪᠠ ᠦᠢᠯᠡ ᠠᠵᠢᠯᠯᠠᠭ᠎ᠠ ᠪᠠᠨ ᠢᠯᠡᠷᠡᠭᠦᠯᠬᠦ ᠶᠢᠨ ᠬᠠᠮᠲᠤ ᠬᠥᠭᠵᠢᠵᠦ ᠪᠠᠶᠢᠭ᠎ᠠ ᠤᠯᠤᠰ ᠤᠳ ᠢ ᠦᠨᠡᠨ ᠬᠦ ᠬᠠᠪᠰᠤᠷᠤᠨ ᠠᠭᠤᠷ‌ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠪᠠ ᠤᠶᠠᠨ ᠬᠠᠳᠠᠨ ᠴᠢᠨᠠᠷ ᠢ ᠨᠢ ᠳᠡᠭᠡᠭᠰᠢᠯᠡᠭᠦᠯᠵᠦ᠂ ᠬᠥᠭᠵᠢᠵᠦ ᠪᠠᠶᠢᠭ᠎ᠠ ᠤᠯᠤᠰ ᠤᠳ ᠲᠤ ᠪᠡᠯᠡ ᠮᠥᠩᠭᠦ᠂ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠳᠡᠮᠵᠢᠯᠭᠡ ᠬᠠᠩᠭᠠᠵᠤ᠂ ᠰᠠᠭᠠᠳ ᠦᠭᠡᠢ ᠠᠷᠠᠯᠵᠢᠶᠠᠨ ᠤ ᠪᠠᠬᠢᠯᠡᠯᠲᠡ ᠲᠣᠬᠢᠷᠠᠭᠤᠯᠬᠤ ᠡᠴᠠ‌ᠵᠠᠶᠢᠯᠠᠰᠬᠢᠵᠦ᠂ ᠲᠡᠳᠡᠨ ᠢ ᠬᠠᠪᠰᠤᠷᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠡᠯᠪᠡᠷᠢ ᠲᠡᠶᠢᠰᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠶ᠃      ᠬᠠᠮᠲᠤ ᠠᠵᠢᠯᠯᠠᠭᠰᠠᠳ ᠡ︕     ᠳᠤᠮᠳᠠᠳᠤ ᠶᠢᠨ ᠰᠣᠶᠣᠯ ᠪᠣᠯᠪᠠᠰᠤᠨ ᠨᠢ ᠲᠡᠦᠬᠡᠨ ᠠᠴᠠ ᠠᠪᠤᠭᠠᠳ ᠬᠥᠮᠥᠨ ᠪᠠᠶᠢᠭᠠᠯᠢ ᠶᠢᠨ ᠨᠢᠭᠡᠲᠦᠯ᠂ ᠵᠦᠢ ᠶᠣᠰᠣ ᠪᠠ ᠪᠠᠶᠢᠭᠠᠯᠢ ᠶᠢᠨ ᠨᠢᠭᠡᠳᠦᠯ ᠢ‌ᠡᠷᠬᠢᠮᠯᠡᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠡᠷᠬᠢᠮᠯᠡᠨ ᠬᠥᠭᠡᠭᠡᠴᠡᠯᠳᠦᠭᠰᠡᠭᠡᠷ ᠢᠷᠡᠭᠰᠡᠨ ᠶᠤᠮ᠃ ᠳᠤᠮᠳᠠᠳᠤ‌ᠤᠯᠤᠰ ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ‌ᠤᠯᠤᠰ ᠤᠨ ᠦᠨᠳᠦᠰᠦᠨ ᠬᠠᠤᠯᠢ︾ ᠳᠤ ᠪᠠᠨ ᠪᠢᠴᠢᠨ ᠣᠷᠣᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠶᠡᠷᠦᠩᠬᠡᠶ‌‍ᠪᠠᠶᠢᠷᠢᠯᠠᠭᠤᠯᠤᠯᠲᠠ ᠳᠤ ᠣᠷᠣᠭᠤᠯᠪᠠ᠃ ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ‌‍ᠬᠥ᠋ᠭᠵᠢᠯᠲᠡ ᠶᠢᠨ ᠣᠨᠣᠯᠵᠢᠬᠤᠨ ᠢ ᠲᠣᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠪᠣᠬᠢᠷᠲᠤᠯ ᠦᠭᠡᠢ ᠪᠠᠷ ᠬᠡᠯᠪᠡᠷᠢ‌ᠬᠤᠪᠢᠷᠠᠭᠤᠯᠬᠤ ᠪᠠᠷ ᠵᠢᠯᠤᠭᠤᠳᠤᠮᠵᠢ ᠪᠣᠯᠭᠠᠵᠤ᠂ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢᠨ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠪᠠᠷ ᠵᠠᠩᠭᠢᠯᠠᠭ᠎ᠠ‌‍ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠪᠥᠭᠡᠳ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢᠨ ᠵᠠᠮ ᠢᠶᠠᠷ ᠵᠠᠮᠨᠠᠬᠤ ᠵᠢ‌‍ᠪᠠᠷᠢᠮᠲᠠᠯᠠᠵᠤ ᠪᠠᠶᠢᠨ᠎ᠠ᠃     ᠨᠢᠳᠤᠨᠤᠨ ᠪᠢ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠶᠢ ᠪᠡᠶᠡᠯᠡᠭᠦᠯᠵᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠤᠨ‌ᠦᠭᠡᠶᠢᠰᠬᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠠᠯᠪᠠᠨ ᠶᠣᠰᠣ ᠪᠠᠷ ᠨᠡᠶᠢᠲᠡᠯᠡᠪᠡ᠃ ᠡᠨᠡ ᠪᠣᠯ ᠳᠤᠮᠳᠠᠳᠤ ᠤᠯᠤᠰ ᠤᠨ ᠬᠥᠮᠦᠨ ᠲᠥᠷᠥᠯᠬᠢᠲᠡᠨ ᠤ ᠬᠤᠪᠢ‌ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠯ ᠪᠣᠯᠤᠨ ᠦᠷᠭᠦᠯᠵᠢᠯᠡᠬᠦ᠋ᠢᠴᠡ ᠬᠥᠭᠵᠢᠯᠲᠡ ᠶᠢ ᠪᠡᠶᠡᠯᠡᠭᠦᠯᠬᠦ‌‍ᠲ᠋ᠣᠲᠣᠭᠠᠳᠤ ᠱᠠᠭᠠᠷᠳᠠᠯᠭ᠎ᠠ ᠳᠤ ᠰᠠᠭᠤᠷᠢᠯᠠᠵᠤ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠃ ᠳᠤᠮᠳᠠᠳᠤ‌ᠤᠯᠤᠰ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠠᠴᠠ ᠨᠡᠭᠦᠷᠡᠰᠦᠲᠥ᠋ᠷᠥᠭᠴᠢ ᠶᠢᠨ ᠳᠠᠪᠬᠤᠷ‌ᠢᠰᠦᠯ ᠢ ᠰᠠᠭᠠᠷᠮᠠᠭᠵᠢᠭᠤᠯᠤᠨ ᠦᠭᠡᠶᠢᠰᠬᠡᠬᠦ ᠶᠢ ᠪᠡᠶᠡᠯᠡᠭᠦᠯᠬᠦ ᠪᠠᠷ ᠠᠮᠠᠯᠳᠠᠭᠰᠠᠨ ᠴᠠᠭ ᠨᠢ ᠬᠥᠭᠵᠢᠭᠰᠡᠨ ᠤᠯᠤᠰ ᠤᠨ ᠬᠡᠷᠡᠭᠯᠡᠭᠰᠡᠨ ᠴᠠᠭ ᠠᠴᠠ ᠬᠤᠯᠠ ᠣᠬᠤᠷ ᠪᠠᠶᠢᠵᠤ ᠂ᠡᠨᠡ ᠨᠢ ᠳᠤᠮᠳᠠᠳᠤ ᠶᠢᠨ ᠲᠠᠯ᠎ᠠ ᠶᠢᠨ ᠬᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠤᠨ ᠦᠭᠡᠶᠢᠰᠬᠡᠬᠦ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠤᠳᠤ‌‍ᠶᠠᠭ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠠᠵᠢᠯᠯᠠᠭ᠎ᠠ ᠶᠢ ᠥᠷᠭᠡᠨ ᠭᠦᠨᠵᠡᠭᠡᠢ ᠥᠷᠨᠢᠭᠦᠯᠵᠦ᠂ ᠨᠥᠬᠦᠴᠡᠯ ᠲᠠᠢ ᠭᠠᠵᠠᠷ ᠣᠷᠣᠨ ᠪᠠ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠷᠢᠳ ᠢᠶᠠᠷ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠶᠢ ᠲᠡᠮᠵᠢᠨ᠎ᠠ᠃ ᠳᠤᠮᠳᠠᠳᠤ ᠤᠯᠤᠰ ᠨᠡᠭᠦᠷᠡᠰᠦᠨ ᠴᠠᠬᠢᠯᠭᠠᠨ ᠤ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠨ ᠤ ᠬᠡᠷᠡᠭᠯᠡᠭᠡᠨ ᠤ ᠨᠡᠮᠡᠭᠳᠡᠯ ᠢ ᠴᠢᠩᠭ᠎ᠠ ᠬᠢᠵᠠᠭᠠᠷᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠠᠯᠬᠤᠮ ᠠᠯᠬᠤᠮ ᠢᠶᠠᠷ ᠪᠠᠭᠠᠰᠬᠠᠨ᠎ᠠ᠃ ᠡᠭᠦᠨ ᠠᠴᠠ ᠭᠠᠳᠠᠨ᠎ᠠ᠂ ᠳᠤᠮᠳᠠᠳᠤ ᠤᠯᠤᠰ ᠨᠢᠭᠡᠨᠲᠡ ︽︿ᠮᠣᠨᠳ᠋ᠷᠧᠶᠠᠯ ‍ᠤᠨ‌ᠵᠥ᠋ᠪᠯᠡᠨ ᠲᠣᠭᠲᠠᠭᠠᠭᠰᠠᠨ ᠪᠢᠴᠢᠭ﹀ ᠤᠨ ᠺᠢᠭᠠᠯᠢ ᠶᠢᠨ ᠵᠠᠰᠠᠪᠤᠷᠢ ᠣᠷᠣᠭᠤᠯᠤᠭᠰᠠᠨ ᠲᠥᠰᠦᠯ︾ ᠢ ᠭᠥᠯᠢᠶᠡᠨ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ‌ᠢᠰᠦᠯ ᠤᠨ ᠪᠤᠰᠤ ᠬᠦᠯᠡᠮᠵᠢ ᠶᠢᠨ ᠬᠡᠶ ᠪᠡᠶᠡᠲᠦ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠰᠠ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ‌‍ᠲ᠋ᠡᠯᠭᠡᠭᠦᠷ ᠤᠨ ᠰᠦᠯᠵᠢᠶᠡᠨ ᠠᠷᠠᠯᠵᠢᠶ᠎ᠠ ᠶᠢ ᠡᠬᠢᠯᠡᠭᠦᠯᠬᠦ ᠪᠠᠷ ᠲᠣᠭᠲᠠᠪᠠ᠃        ᠪᠦᠬᠦ ᠪᠥᠮᠪᠥᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ᠂ ᠬᠥᠲᠥᠯᠥᠨ ᠲᠠᠭᠠᠭᠤᠯᠤᠭᠴᠢ‌‍ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠯᠠᠨ ᠲᠠᠯᠠᠲᠤ ᠦᠵᠡᠯ ᠢ ᠡᠷᠡᠰ ᠦᠢᠯᠡᠳᠦᠯᠭᠡᠵᠢᠭᠦᠯᠵᠦ᠂ ᠲᠥᠪ ᠭᠤᠣᠯᠴᠢ ᠵᠦᠢ ᠵᠣᠬᠢᠰᠲᠠᠢ᠂ ᠬᠠᠷᠢᠯᠴᠠᠨ‌ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠪᠠᠷ ᠴᠢᠷᠮᠠᠶᠢᠨ‌ᠠᠬᠢᠭᠤᠯᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠡᠨᠡ ᠵᠢᠯ ᠤᠨ 10 ᠳ᠋ᠤᠭᠠᠷ ᠰᠠᠷ᠎ᠠ ᠳᠤ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠵᠢᠨ‌‍ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠪᠦᠬᠦ‌‍ᠪᠥ᠋ᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ︽ᠤᠯᠠᠨ ᠤᠯᠤᠰ ‍ᠤᠨ‌ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ‌‍ᠲ᠋ᠠᠯ᠎ᠠ ᠶᠢᠨ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠤᠯᠬᠤ ᠶᠢ ᠳᠡᠮᠵᠢᠬᠦ ᠪᠠᠷ ᠪᠣᠢ᠃ ᠳᠤᠮᠳᠠᠳᠤ ᠶᠢᠨ ᠲᠠᠯ᠎ᠠ ᠶᠢᠨ ᠬᠢᠨ ︽ᠪᠤᠰᠤᠳ ᠲᠤ ᠲᠤᠰᠠᠯᠠᠮᠵᠢ ᠬᠦᠷᠲᠡᠭᠡᠬᠦ︾ᠣᠨᠣᠯᠵᠢᠬᠤᠨ ᠢ ᠪᠠᠷᠢᠮᠲᠠᠯᠠᠵᠤ᠂ ᠤᠯᠠᠨ ᠵᠦᠢᠯ ᠤᠨ ᠬᠡᠯᠪᠡᠷᠢ ᠶᠢᠨ ᠡᠮᠦᠨᠡᠲᠦ ᠡᠮᠦᠨᠡᠲᠦ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠷ ᠳᠠᠮᠵᠢᠭᠤᠯᠵᠤ᠂ᠬᠥᠭᠵᠢᠵᠦ ᠪᠠᠶᠢᠭ᠎ᠠ ᠤᠯᠤᠰ ᠤᠳ ᠢ ᠴᠢᠳᠠᠯ ᠤᠨ ᠬᠢᠷᠢ ᠪᠠᠷ ᠢᠶᠠᠨ ᠬᠠᠪᠰᠤᠷᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠶᠢ ᠨᠢ‌‍ᠲ᠋ᠡᠭᠡᠭᠰᠢᠯᠡᠭᠦᠯᠦᠨ᠎ᠡ᠃ ᠠᠹᠷᠢᠺᠠ ᠲᠢᠪ ᠤᠨ ᠠᠭᠤᠷ ᠠᠮᠢᠰᠬᠤᠯ ᠤᠨ ᠠᠯᠤᠰ ᠰᠡᠷᠡᠯ ᠤᠨ ᠳᠠᠭᠠᠭᠤᠯᠢ ᠤᠳᠤ ᠠᠴᠠ ᠵᠡᠭᠦᠨ ᠡᠮᠦᠨᠡᠲᠦ ᠠᠽᠢᠶ᠎ᠠ ᠶᠢᠨ ᠳᠣᠣᠷ᠎ᠠ ᠨᠡᠭᠦᠷᠡᠰᠦᠳᠦ᠋ᠷᠦᠭᠴᠢᠲᠦ ᠵᠢᠱᠢᠶ᠎ᠡ ᠦᠵᠡᠭᠦᠯᠬᠦ ᠣᠷᠣᠨ ᠬᠦᠷᠲᠡᠯ᠎ᠡ᠂ ᠲᠠᠬᠢᠭᠠᠳ ᠵᠢᠵᠢᠭ ᠠᠷᠠᠯ ᠤᠨ ᠤᠯᠤᠰ ᠤᠨ ᠡᠨᠧᠷᠭᠢ ᠠᠷᠪᠢᠯᠠᠬᠤ ᠳ᠋ᠧᠩ ᠬᠦᠷᠲᠡᠯ᠎ᠡ᠂ ᠳᠤᠮᠳᠠᠳᠤ‌ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠡᠮᠦᠨᠡᠲᠦ ᠡᠮᠦᠨᠡᠲᠦ ᠶᠢᠨ ᠬᠠᠮᠲᠤᠷᠠᠯᠴᠠᠭᠠᠨ ᠳᠤ ᠦᠵᠡᠭᠦᠯᠦᠭᠰᠡᠨ ᠦᠷ᠎ᠡ ᠪᠦᠲᠦᠭᠡᠯ ᠨᠢ‌ᠨᠢᠳᠤᠨ ᠳᠤ ᠦᠵᠡᠭᠳᠡᠨ᠂ ᠭᠠᠷ ᠲᠤ ᠪᠠᠷᠢᠭᠳᠠᠵᠤ᠂ ᠪᠣᠳᠠᠲᠤ ᠦᠷ᠎ᠡ ᠪᠦᠲᠦᠮᠵᠢ ᠣᠯᠤᠭᠰᠠᠨ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠪᠠᠰᠠ ᠠᠮᠢ ᠠᠬᠤᠢ ᠵᠢᠨ‌‍ᠪᠣᠯᠪᠠᠰᠤᠨ ᠤ ᠬᠦᠷᠢᠶᠡᠨ ᠳᠠᠬᠢ ᠬᠠᠮᠲᠤᠷᠠᠯᠴᠠᠭ᠎ᠠ ᠶᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ᠪᠣᠬᠢᠷᠲᠤᠯ ᠦᠬᠡᠢ ᠠᠵᠢᠯᠯᠠᠭ᠎ᠠ ᠶᠢᠨ ᠰᠢᠷᠢᠰ ᠰᠠᠨᠠᠭᠠᠴᠢᠯᠠᠭ᠎ᠠ ᠶᠢ ᠰᠠᠨᠠᠭᠠᠴᠢᠯᠠᠵᠤ᠂ ᠪᠣᠬᠢᠷᠲᠤᠯ ᠦᠬᠡᠢ ᠰᠠᠭᠤᠷᠢ ᠪᠦᠳᠦᠬᠡᠨ ᠪᠠᠶᠢᠭᠤᠯᠤᠯᠲᠠ᠂ ᠪᠣᠬᠢᠷᠲᠤᠯ ᠦᠬᠡᠢ‌ᠡᠨᠧᠷᠭᠢ᠂ ᠪᠣᠬᠢᠷᠲᠤᠯ ᠦᠬᠡᠢ ᠵᠠᠮ ᠬᠠᠷᠢᠯᠴᠠᠭ᠎ᠠ᠂ ᠪᠣᠬᠢᠷᠲᠤᠯ ᠦᠬᠡᠢ ᠮᠥᠩᠭᠦᠨ ᠭᠦᠢᠯᠭᠡᠭᠡ ᠵᠡᠷᠭᠡ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠯᠡᠵᠦ᠂ ︽ᠨᠢᠭᠡ ᠪᠦᠰᠡ‌ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠳᠤ ᠣᠷᠣᠯᠴᠠᠭᠰᠠᠨ ᠡᠯ᠎ᠡ ᠤᠯᠤᠰ ᠤᠨ ᠠᠷᠠᠳ ᠲᠦᠮᠡᠨ ᠳᠤ ᠦᠷᠭᠦᠯᠵᠢᠯᠡᠨ ᠪᠤᠶᠠᠨ ᠦᠢᠯᠡᠳᠬᠦ ᠪᠠᠷ ᠪᠣᠢ᠃       ᠬᠠᠮᠲᠤ ᠠᠵᠢᠯᠯᠠᠭᠰᠠᠳ ᠡ︕      ︽ᠬᠤᠲᠠᠯᠠ ᠣᠯᠠᠨ ᠢᠶᠠᠷ ᠢᠶᠠᠨ ᠬᠦᠴᠦᠨ ᠢᠶᠠᠨ ᠬᠠᠮᠲᠤᠳᠬᠠᠪᠠᠰᠤ᠂ ᠬᠤᠷᠸ᠎ᠠ ᠳᠡᠯᠡᠬᠡᠢ ᠳᠤ ᠬᠦᠴᠢᠷ ᠶᠠᠪᠤᠳᠠᠯ ᠠᠯᠠᠭ᠎ᠠ︾᠃ ᠠᠭᠤᠷ ᠠᠮᠢᠰᠬᠤᠯ ‍ᠤᠨ‌ᠬᠤᠪᠢᠷᠠᠯᠲᠠ ᠶᠢᠨ ᠬᠥᠮᠦᠨ ᠲᠥᠷᠥᠯᠬᠢᠲᠡᠨ ᠳᠤ ᠠᠪᠴᠢᠷᠠᠭᠰᠠᠨ ᠥᠷᠢᠰᠥᠯᠳᠦᠭᠡᠨ ᠪᠣᠯ ᠦᠨᠡᠨ ᠪᠣᠳᠠᠲᠠᠶ᠂ ᠬᠠᠲᠠᠭᠤ ᠴᠢᠩᠭ᠎ᠠ᠂ ᠠᠯᠤᠰ ᠭᠡᠳᠤ ᠶᠢᠨ ᠪᠠᠶᠢᠳᠠᠭ᠃ᠭᠡᠪᠡᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠳᠠᠭ‌ᠯᠠ ᠶᠤᠮ ᠪᠣᠯ ᠬᠥᠮᠦᠨ ᠲᠥᠷᠥᠯᠬᠢᠲᠡᠨ ᠯᠠᠪᠳᠠᠶ ᠪᠦᠬᠦ ᠪᠥᠮᠪᠥᠷᠴᠡᠭ ᠤᠨ ᠠᠭᠤᠷ ᠠᠮᠢᠰᠬᠤᠯ ᠣᠷᠴᠢᠨ ᠲᠣᠭᠤᠷᠢᠨ ᠤ ᠥᠷᠢᠰᠥᠯᠳᠦᠭᠡᠨ ᠢ ᠰᠠᠶᠢᠲᠤᠷ ᠠᠷᠭᠠᠴᠠᠭᠠᠵᠤ᠂ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠦᠷ᠎ᠡ ᠬᠤᠶᠢᠴᠢᠰ ᠲᠤ ᠪᠠᠨ ᠦᠯᠡᠳᠡᠭᠡᠨ ᠥᠭᠴᠦ ᠴᠢᠳᠠᠨ᠎ᠠ ᠭᠡᠳᠡᠭ ᠲᠤ ᠪᠠᠲᠤ ᠢᠲᠡᠭᠡᠯ ᠲᠠᠢ‌‍ᠪᠠᠶᠢᠨ᠎ᠠ᠃      ᠲᠠ ᠪᠦᠬᠦᠨ ᠳᠤ ᠪᠠᠶᠠᠷᠯᠠᠯ᠎ᠠ᠃      ︵ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ  22      ᠤᠨ ᠴᠠᠬᠢᠯᠭᠠᠨ ᠮᠡᠳᠡᠭᠡ︶
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号