ᠲᠠᠪᠤᠨ ᠰᠠᠷ᠎ᠠ ᠶᠢᠨ ᠨᠢᠭᠡᠨ ᠤ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ | ᠠᠵᠢᠯ ᠢ ᠦᠨᠡᠨ ᠬᠦ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠨ᠂ | ᠴᠢᠩᠭᠢᠰ ᠬᠠᠭᠠᠨ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠂ 4 ᠰᠠᠷ᠎ᠠ ᠶᠢᠨ 27 ᠤ ᠡᠳᠦᠷ᠂ ᠴᠢᠩᠭᠢᠰ ᠬᠠᠭᠠᠨ | ᠪᠠᠯᠭᠠᠰᠤᠨ ᠤ ᠬᠢᠨ ᠪᠠᠯᠭᠠᠰᠤᠨ ᠤ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠴᠠᠬᠢᠯᠭᠠᠨ ᠬᠠᠩᠭᠠᠬᠤ ᠭᠠᠵᠠᠷ ᠢᠶᠠᠷ ᠪᠦᠷᠢᠯᠳᠦᠭᠰᠡᠨ | ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠶᠤᠯᠭᠦᠶ ᠦᠢᠯᠡᠳᠪᠦᠷᠢᠯᠡᠯ ᠤᠨ | ᠬᠠᠮᠲᠤᠷᠠᠭᠰᠠᠨ ᠰᠢᠪᠠᠳᠠᠨ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ᠃ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠢᠦᠶ ᡁᠢ ᠾᠧᠩ ᠪᠦᠯᠬᠦᠮ ᠳᠠᠭᠠᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ ᠯᠢ ᠰᠢᠨ᠂ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠢᠦᠶ ᠪᠦᠦ | ᠬᠠᠮᠲᠤ ᠪᠠᠶᠢᠴᠠᠭᠠᠪᠠ᠃ | | ᠲᠣᠰ ᠤᠳᠠᠭᠠᠨ ᠤ ᠪᠠᠶᠢᠴᠠᠭᠠᠯᠲᠠ ᠶᠢᠨ ᠬᠡᠪᠴᠢᠶ᠎ᠡ ᠳᠤ ᠭᠤᠤᠯᠳᠠᠭᠤ ᠢᠳᠡᠭᠡᠨ ᠤ ᠵᠦᠢᠯ ᠡᠮ ᠤᠨ ᠵᠦᠢᠯ ᠤᠨ | ᠠᠮᠤᠷ ᠲᠦᠪᠰᠢᠨ᠂ ᠣᠶ ᠰᠢᠭᠤᠶ ᠶᠢ ᠬᠠᠮᠠᠭᠠᠯᠠᠵᠤ ᠭᠠᠯ ᠰᠡᠷᠭᠡᠶᠢᠯᠡᠬᠦ᠂ ᠠᠶᠤᠯᠲᠠᠶ ᠬᠢᠮᠢ ᠶᠢᠨ ᠪᠣᠳᠠᠰ᠂ ᠬᠤᠸᠠᠷ | ᠫᠤᠤᠵᠢᠩ᠂ ᠵᠠᠮ ᠬᠠᠷᠢᠯᠴᠠᠭ᠎ᠠ ᠵᠡᠷᠭᠡ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠠᠶᠤᠯᠭᠦᠶ | ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ ᠶᠢ ᠪᠠᠭᠲᠠᠭᠠᠵᠤ᠂ ᠬᠠᠷᠢᠶᠠᠲᠤ ᠣᠷᠣᠨ ᠤ ᠰᠤᠷᠭᠠᠭᠤᠯᠢ᠂ ᠬᠤᠳᠠᠯᠳᠤᠭᠠᠨ ᠤ | ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ ᠵᠢᠴᠢ ᠣᠶ ᠰᠢᠭᠤᠶ ᠶᠢᠨ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ | ᠵᠡᠷᠭᠡ ᠲᠠᠯᠠᠪᠤᠷ ᠢᠶᠠᠷ ᠪᠠᠶᠢᠴᠠᠭᠠᠯᠲᠠ ᠶᠢᠨ ᠭᠤᠤᠯᠳᠠᠯᠭ᠎ᠠ ᠪᠣᠯᠭᠠᠨ᠎ᠠ᠃ ᠬᠦᠷᠦᠭᠰᠡᠨ ᠭᠠᠵᠠᠷ ᠪᠣᠯᠭᠠᠨ ᠳᠤ ᠠᠵᠢᠯᠲᠠᠳ | ᠴᠥᠮ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ᠂ ᠡᠳᠦᠷ ᠲᠤᠳᠤᠮ ᠤᠨ ᠪᠠᠶᠢᠴᠠᠭᠠᠯᠲᠠ ᠶᠢᠨ ᠲᠡᠮᠳᠡᠭᠯᠡᠯ᠂ | ᠠᠷᠢᠭᠤᠳᠬᠠᠨ ᠠᠯᠠᠵᠤ ᠬᠢᠵᠢᠭ ᠢ ᠰᠡᠷᠭᠡᠶᠢᠯᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠠᠰᠢᠭᠯᠠᠯᠲᠠ ᠳᠤ | ᠣᠷᠣᠭᠤᠯᠬᠤ᠂ ᠴᠠᠬᠢᠯᠭᠠᠨ ᠱᠤᠭᠤᠮ ᠤᠨ ᠵᠢᠷᠤᠮᠵᠢᠯ ᠵᠢᠴᠢ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ | ᠵᠢᠵᠢᠭᠦᠷᠯᠡᠨ ᠰᠠᠬᠢᠬᠤ ᠵᠡᠷᠭᠡ ᠬᠤᠯᠪᠣᠭᠳᠠᠯ ᠪᠦᠭᠦᠢ ᠲᠠᠯ᠎ᠠ ᠠᠴᠠ ᠪᠠᠶᠢᠴᠠᠭᠠᠨ ᠦᠵᠡᠬᠦ ᠪᠠ ᠯᠠᠪᠯᠠᠨ ᠠᠰᠠᠭᠤᠬᠤ ᠶᠢᠨ | ᠬᠠᠮᠲᠤ ᠭᠠᠮᠰᠢᠭ ᠢ ᠠᠷᠢᠯᠭᠠᠵᠤ ᠭᠠᠮᠰᠢᠭ ᠢ ᠰᠡᠷᠭᠡᠶᠢᠯᠡᠬᠦ ᠬᠤᠯᠪᠣᠭᠳᠠᠯ ᠪᠦᠭᠦᠢ ᠮᠡᠳᠡᠯᠭᠡ ᠶᠢ ᠤᠬᠠᠭᠤᠯᠤᠨ ᠬᠥᠲᠥᠯᠥᠨ | ᠵᠢᠯᠣᠭᠤᠳᠴᠤ᠂ ᠠᠷᠢᠯᠭᠠᠬᠤ ᠣᠷᠣᠨ ᠳᠤ ᠦᠯᠦ ᠣᠨᠣᠭᠳᠠᠬᠤ ᠭᠠᠵᠠᠷ ᠢ ᠦᠨᠡᠨ ᠬᠦ ᠠᠷᠢᠯᠭᠠᠵᠤ᠂ ᠠᠶᠤᠯᠭᠦᠶ | ᠦᠢᠯᠡᠳᠪᠦᠷᠢᠯᠡᠯ ᠤᠨ ᠡ᠊ᠨᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ | | ᠪᠠᠶᠢᠴᠠᠭᠠᠬᠤ ᠶᠠᠪᠤᠴᠠ ᠳᠤ ᠢᠦᠶ ᡁᠢ ᠾᠧᠩ ᠴᠢᠬᠤᠯᠠᠴᠢᠯᠠᠬᠤ ᠳᠠᠭᠠᠨ᠄ ᠨᠢᠭᠡ ᠳᠤ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠪᠦᠬᠦ ᠪᠠᠯᠭᠠᠰᠤ ᠪᠠᠷ ᠢᠶᠠᠨ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠦᠢᠯᠡᠳᠪᠦᠷᠢᠯᠡᠯ ᠤᠨ ᠶᠠᠪᠤᠴᠠ ᠳᠤ | ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠡᠷᠲᠡ ᠠᠴᠠ ᠢᠯᠡᠷᠡᠭᠦᠯᠵᠦ᠂ ᠡᠷᠲᠡ ᠠᠴᠠ ᠴᠡᠭᠴᠡᠯᠡᠨ | ᠰᠠᠶᠢᠵᠢᠷᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠥᠷᠭᠡᠨ ᠤᠯᠠᠨ ᠠᠷᠠᠳ ᠲᠦᠮᠡᠨ ᠤ | ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠦᠵᠡᠯ | ᠰᠠᠨᠠᠭ᠎ᠠ ᠤᠬᠠᠮᠰᠠᠷ ᠢᠶᠠᠨ ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ | ᠲᠣᠰᠬᠤᠨ ︵ᠨᠡᠶᠢᠭᠡᠮ ᠲᠣᠭᠤᠷᠢᠭ︶᠂ ᠡᠯ᠎ᠡ ᠥᠷᠲᠡᠭᠡ ᠭᠠᠵᠠᠷ᠂ ᠭᠤᠤᠯᠳᠠᠯᠭ᠎ᠠ ᠲᠠᠢ ᠠᠵᠤ ᠠᠬᠤᠶᠢᠯᠠᠯ ᠤᠳ | ᠱᠠᠭᠠᠷᠳᠠᠯᠭ᠎ᠠ ᠶᠣᠰᠣᠭᠠᠷ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠠᠶᠤᠯ ᠥᠬᠡᠶ | ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ | ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠨᠢ ᠤᠷᠢᠳᠴᠢᠯᠠᠨ ᠰᠡᠷᠭᠡᠶᠢᠯᠡᠬᠦ ᠳᠤ ᠪᠤᠢ᠂ ᠤᠯᠠᠨ | ᠬᠡᠯᠪᠡᠷᠢ ᠶᠢᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠵᠤ᠂ ᠥᠷᠭᠡᠨ ᠤᠯᠠᠨ | ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠨᠢ | ᠳᠡᠭᠡᠭᠰᠢᠯᠡᠭᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ | | ᠴᠢᠩᠭᠢᠰ ᠬᠠᠭᠠᠨ ᠪᠠᠯᠭᠠᠰᠤ ᠨᠢ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠷ ᠭᠤᠤᠯ | ᠭᠠᠷᠳᠠᠴᠠ ᠪᠣᠯᠭᠠᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠠᠮᠢ ᠨᠠᠰᠤ ᠶᠢ ᠳᠡᠭᠡᠳᠦᠯᠡᠬᠦ︾ ᠵᠠᠷᠴᠢᠮ ᠢ | ᠪᠠᠷᠢᠮᠲᠠᠯᠠᠨ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠳᠡᠯ ᠬᠡᠷᠡᠭ ᠢ ᠬᠤᠷᠢᠭᠯᠠᠬᠤ᠂ ᠠᠮᠤᠷ ᠲᠦᠪᠰᠢᠨ ᠢ | ᠪᠠᠲᠤᠯᠠᠬᠤ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠠᠳᠬᠤᠨ᠎ᠠ᠃ | | |