ᠵᠥᠩ ᠾᠧ ᠪᠠᠯᠭᠠᠰᠤ᠄ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ ᠠᠮᠤᠷ ᠠᠮᠤᠭᠤᠯᠠᠩ ᠬᠠᠩᠰᠢ ᠶᠢᠨ ᠬᠠᠮᠠᠭᠠᠯᠠᠯᠲᠠ ᠶᠢᠨ ᠬᠡᠷᠡᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2021/4/6
      ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠵᠦᠩ ᠾᠧ ᠪᠠᠯᠭᠠᠰᠤ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠠᠵᠢᠯ ᠲᠠᠢ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠵᠤ᠂ ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂  ᠭᠡᠷ ᠣᠷᠣᠨ ᠢᠶᠠᠨ ᠰᠠᠬᠢᠨ ᠬᠠᠮᠠᠭᠠᠯᠠᠪᠠ᠃          ᠨᠢᠭᠡ ᠳᠤ᠂ ᠬᠤᠷᠠᠯ ᠠᠴᠠ ᠪᠠᠶᠢᠷᠢᠯᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠨ᠎ᠡ᠃ ᠲᠤᠰᠬᠠᠶ ᠰᠡᠳᠦᠪᠲᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠪᠦᠬᠦ ᠲᠠᠯ᠎ᠠ ᠪᠠᠷ ᠲᠠᠶᠢᠴᠢᠯᠠᠪᠠ᠃  ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠪᠣᠯᠪᠠᠰᠤᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠬᠤ ᠬᠡᠷᠡᠭᠲᠡᠢ ᠭᠡᠵᠦ ᠱᠠᠭᠠᠷᠳᠠᠪᠠ᠃ ᠲᠣᠣᠷᠵᠢᠭᠤᠯᠤᠭᠰᠠᠨ ᠵᠠᠰᠠᠯᠲᠠ ᠶᠢᠨ ᠰᠢᠰᠲ᠋ᠧᠮ ᠳᠤ ᠲᠦᠰᠢᠭᠯᠡᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠶᠠᠷ ᠲᠤ ᠤᠬᠠᠭᠤᠯᠤᠨ ᠬᠥᠲᠥᠯᠦᠨ ᠵᠢᠯᠣᠭᠤᠳᠴᠤ᠂ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠵᠥᠩ ᠾᠧ ᠪᠠᠯᠭᠠᠰᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠯᠠᠨ  ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ ᠣᠯᠠᠨ ᠲᠦᠮᠡᠨ ᠢ ᠪᠥᠬᠦ ᠲᠠᠯ᠎ᠠ ᠪᠠᠷ ᠳᠠᠶᠢᠴᠢᠯᠠᠵᠤ᠂ ᠣᠯᠠᠨ ᠲᠦᠮᠡᠨ ᠳᠤ ᠲᠦᠰᠢᠭᠯᠡᠬᠦ ᠶᠢ ᠪᠠᠷᠢᠮᠲᠠᠯᠠᠪᠠ᠂  ᠤᠬᠠᠭᠤᠯᠭ᠎ᠠ ᠶᠢᠨ ᠡᠯᠭᠦᠭᠡ ᠪᠢᠴᠢᠭᠡᠰᠦ᠂ ᠬᠢᠳᠤᠭᠠᠨ ᠲᠤᠭ ᠢᠶᠠᠨ ᠲᠣᠰᠬᠤᠨ ︵ᠨᠡᠶᠢᠭᠡᠮ ᠲᠣᠭᠤᠷᠢᠭ︶ ᠤ ᠢᠯᠡᠷᠬᠡᠶ ᠪᠠᠶᠢᠷᠢᠨ ᠳᠤ ᠡᠯᠭᠦᠵᠦ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ︽ᠭᠤᠷᠪᠠᠨ ᠶᠠᠪᠤᠳᠠᠯ ᠢ ᠢᠯᠡ ᠪᠣᠯᠭᠠᠬᠤ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠪᠣᠯᠪᠠᠰᠤᠨ ᠳᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡᠯᠡᠵᠦ᠂  ︽ᠲᠣᠰᠬᠤᠨ ᠪᠣᠯᠭᠠᠨ ᠤ ᠲᠠᠭᠤᠨ︾ ᠭᠡᠬᠦ ᠪᠦᠷᠢᠶ᠎ᠡ ᠶᠢ ᠠᠰᠢᠭᠯᠠᠨ ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ  ᠣᠬᠠᠭᠤᠯᠭ᠎ᠠ  ᠶᠢ ᠪᠥᠬᠦ ᠡᠳᠦᠷ ᠢᠶᠠᠷ ᠡᠭᠡᠯᠵᠢᠯᠡᠨ ᠨᠡᠪᠲᠡᠷᠡᠭᠦᠯᠦᠨ᠎ᠡ᠃  ᠡᠭᠦᠨ ᠤ ᠬᠠᠮᠲᠤ᠂ ︽ᠮᠢᠩᠭᠠᠨ ᠡᠷᠦᠬᠡ ᠪᠠᠷ ᠶᠠᠪᠤᠵᠤ᠂ ᠲᠦᠮᠡᠨ ᠡᠷᠦᠬᠡ ᠪᠠᠷ ᠣᠷᠣᠬᠤ︾ ᠲᠣᠭᠤᠷᠢᠨ ᠦᠵᠡᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠤᠶᠠᠯᠳᠤᠭᠤᠯᠤᠨ᠂ ︽ᠵᠠᠯᠠᠨ ᠠᠶᠢᠯ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠯᠪᠠᠨ ᠵᠠᠷ︾ ᠢ ᠲᠠᠷᠬᠠᠭᠠᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠵᠤ᠂ ᠰᠦᠯᠵᠢᠶᠡᠨ ᠳᠡᠭᠡᠷ᠎ᠡ ᠳᠠᠬᠢᠯᠭ᠎ᠠ ᠬᠢᠯᠭᠡᠨ᠎ᠡ᠃         ᠭᠤᠷᠪᠠ ᠳᠤ᠂ ᠭᠠᠯ ᠤᠨ ᠡᠬᠢ ᠶᠢ ᠬᠠᠮᠢᠶᠠᠷᠤᠨ ᠡᠵᠡᠮᠳᠡᠵᠦ᠂ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ︽ᠠᠭᠤᠯᠠᠨ ᠣᠷᠣᠶ ᠶᠢ ᠳᠠᠭᠠᠭᠠᠴᠢᠯᠠᠬᠤ᠂ ᠵᠠᠮ ᠤᠨ ᠠᠭᠤᠯᠵᠠᠷ ᠢ ᠰᠠᠬᠢᠬᠤ᠂ ᠭᠤᠣᠯᠳᠠᠯᠭ᠎ᠠ ᠶᠢ ᠠᠩᠬᠠᠷᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠬᠦ ᠪᠠᠯᠭᠠᠰᠤ ᠲᠣᠰᠬᠤᠨ ᠤ ᠺᠠᠳ᠋ᠷᠴᠤᠳ ᠬᠠᠩᠰᠢ ᠶᠢᠨ ᠠᠮᠠᠷᠠᠯᠲᠠ ᠶᠢᠨ ᠬᠤᠭᠤᠴᠠᠭ᠎ᠠ ᠪᠠᠨ ᠬᠠᠶᠠᠵᠤ᠂  4 ᠰᠠᠷ᠎ᠠ ᠶᠢᠨ 3 ᠤ ᠡᠳᠦᠷ ᠤᠨ ᠥᠷᠯᠥᠭᠡ ᠶᠢᠨ 6 ᠴᠠᠭ ᠠᠴᠠ ᠡᠬᠢᠯᠡᠨ ᠠᠭᠤᠯᠠᠨ ᠳᠤ ᠭᠠᠷᠴᠤ  ᠂ ᠲᠣᠭᠤᠷᠢᠨ ᠬᠠᠮᠠᠭᠠᠯᠠᠬᠤ ᠠᠵᠢᠯ ᠢ ᠥᠷᠨᠢᠭᠦᠯᠪᠡ᠃  ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠰᠦᠯᠵᠢᠶᠡᠨ ᠤ ᠠᠵᠢᠯᠳᠠᠨ᠂  ᠦᠬᠡᠷᠴᠢᠨ ᠬᠤᠨᠢᠴᠢᠨ᠂ ᠭᠠᠯ ᠰᠡᠷᠭᠡᠶᠢᠯᠡᠬᠦ ᠤᠢ ᠰᠢᠭᠤᠢ ᠶᠢᠨ ᠬᠠᠮᠠᠭᠠᠯᠠᠭᠴᠢ ︽ᠤᠯᠠᠭᠠᠨ ᠬᠠᠨᠴᠤᠢ ᠶᠢᠨ ᠲᠡᠮᠳᠡᠭ︾ ᠵᠡᠭᠦᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃  ᠪᠠᠯᠭᠠᠰᠤᠨ ᠤ ᠤᠳᠤᠷᠢᠳᠤᠯᠭ᠎ᠠ ᠪᠦᠯᠬᠦᠮ ᠳᠠᠭᠠᠭᠤᠯᠤᠨ ᠡᠯ᠎ᠡ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠵᠦ ᠭᠠᠯ ᠰᠡᠷᠭᠡᠶᠢᠯᠡᠬᠦ ᠪᠠᠭᠠᠵᠢ ᠬᠡᠷᠡᠭᠰᠡᠯ ᠢ ᠪᠡᠯᠡᠳᠬᠡᠭᠰᠡᠨ ᠪᠠᠶᠢᠳᠠᠯ᠂ ᠠᠵᠢᠯᠲᠠᠨ ᠢ ᠠᠵᠢᠯ ᠤᠨ ᠪᠠᠶᠢᠷᠢ ᠳᠤ ᠭᠠᠷᠭᠠᠭᠰᠠᠨ ᠵᠢᠴᠢ ᠲᠣᠭᠤᠷᠢᠨ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠵᠤ᠂ ᠭᠠᠯ ᠰᠡᠷᠭᠡᠶᠢᠯᠡᠬᠦ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠤ᠂ ᠭᠠᠯ ᠰᠡᠷᠭᠡᠶᠢᠯᠡᠬᠦ ᠠᠵᠢᠯ ᠢ ᠨᠠᠷᠢᠨ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ  ᠪᠠᠲᠣᠯᠠᠵᠠᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号