ᠴᠢᠩᠭᠢᠰ ᠬᠠᠭᠠᠨ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/7
     ᠴᠢᠩᠭᠢᠰ ᠬᠠᠭᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ  ᠶᠢᠨ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠲᠣᠰᠬᠤᠨ ᠤ ᠲᠠᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠶᠢ ᠵᠢᠯᠣᠭᠤᠳᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ  ᠶᠢᠨ  6      ᠤ ᠡᠳᠦᠷ ᠤᠨ ᠦᠳᠡ ᠶᠢᠨ ᠡᠮᠦᠨ᠎ᠡ᠂ ᠴᠢᠩᠭᠢᠰ ᠬᠠᠭᠠᠨ ᠪᠠᠯᠭᠠᠰᠤᠨ ᠤ ᠨᠠᠮ ᠤᠨ ᠬᠤᠷᠢᠶ᠎ᠠ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠭᠡ  ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠤᠬᠠᠭᠤᠯᠬᠤ ᠭᠡᠰᠢᠭᠦᠨ᠂ ᠪᠠᠯᠭᠠᠰᠤᠨ ᠤ ᠨᠠᠮ ᠤᠨ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠢᠴᠢ ᠡᠯ᠎ᠡ ᠲᠣᠰᠬᠤᠨ ᠤ ᠱᠦᠵᠢ᠂ ᠳᠡᠳ᠋ ᠱᠦᠵᠢ ᠬᠤᠷᠠᠯ ᠳᠤ ᠣᠷᠣᠯᠴᠠᠪᠠ᠃         ᠬᠤᠷᠠᠯ ᠳᠡᠭᠡᠷ᠎ᠡ᠂ ᠪᠠᠯᠭᠠᠰᠤᠨ ᠤ ᠤᠬᠠᠭᠤᠯᠬᠤ ᠭᠡᠰᠢᠭᠦᠨ ᠵᠠᠩ ᠵᠢᠩ ᠶᠢᠨ ︽ᠴᠢᠩᠭᠢᠰ ᠬᠠᠭᠠᠨ ᠪᠠᠯᠭᠠᠰᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ  ︿ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ  ﹀ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠤᠯᠠᠮᠵᠢᠯᠠᠵᠤ᠂  ᠦᠢᠯᠡᠳᠦᠯᠭᠡ ᠶᠢᠨ ᠠᠵᠢᠯᠯᠠᠭ᠎ᠠ ᠶᠢᠨ ᠴᠠᠭ ᠤᠨ ᠲᠣᠬᠢᠷᠠᠭᠤᠯᠤᠯᠲᠠ᠂ ᠱᠠᠭᠠᠷᠳᠠᠯᠭ᠎ᠠ ᠵᠡᠷᠭᠡ  ᠵᠦᠢᠯᠡᠰ ᠤᠨ ᠲᠤᠬᠠᠶ ᠪᠣᠳᠠᠲᠠᠶ ᠲᠠᠶᠢᠯᠤᠮᠵᠢ ᠬᠢᠪᠠ᠃       ᠬᠤᠷᠠᠯ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡᠨ ᠤ ᠪᠠᠶᠢᠭᠤᠯᠤᠯᠲᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠲᠠᠢ ᠪᠠᠨ ᠭᠦᠢᠴᠡᠳ ᠤᠶᠠᠯᠳᠤᠭᠤᠯᠤᠨ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠤᠯᠠᠨ ᠲᠦᠮᠡᠨ ᠢ ᠦᠨᠡᠨ ᠬᠦ ᠬᠦᠷᠲᠡᠮᠵᠢ ᠶᠢᠨ ᠲᠦᠷᠦᠭᠳᠡᠯ ᠲᠠᠢ᠂ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号