ᠰᠢᠩ ᠬᠤᠸᠠ ᠵᠡᠭᠡᠯᠢ ᠭᠤᠳᠤᠮᠵᠢ  ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠰᠠᠶᠢᠨ ᠳᠤᠷ᠎ᠠ ᠶᠢᠨ ᠦᠢᠯᠡᠴᠢᠯᠡᠭᠡ ᠬᠢᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2021/4/8
    ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠶᠢ ᠴᠢᠨᠠᠭᠰᠢᠳᠠ ᠪᠠᠳᠠᠷᠠᠭᠤᠯᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠶᠢᠨ ᠲᠥᠯᠥᠭᠡ᠂ ᠤᠯᠠᠨ ᠲᠦᠮᠡᠨᠴᠢ ᠴᠢᠨᠠᠷᠲᠠᠢ ᠠᠮᠢ ᠠᠬᠤᠢ ᠶᠢᠨ ᠪᠣᠯᠪᠠᠰᠤᠨ ᠤ ︽ᠲᠠᠪᠤᠨ ᠦᠬᠡᠢ ᠠᠵᠢᠯᠯᠠᠭ᠎ᠠ︾ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ ᠲᠠᠢ ᠤᠶᠠᠯᠳᠤᠭᠤᠯᠪᠠ᠃ ᠣᠶᠢᠷ᠎ᠠ ᠳᠤ᠂ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠬᠢᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠰᠠᠶᠢᠨ ᠳᠤᠷ᠎ᠠ ᠶᠢᠨ ᠦᠢᠯᠡᠴᠢᠯᠡᠭᠡ  ᠪᠠᠷ ᠢᠶᠠᠨ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃          ᠠᠵᠢᠯᠯᠠᠭ᠎ᠠ ᠶᠢᠨ ᠳᠤᠮᠳᠠ᠂ ︽ᠲᠠᠪᠤᠨ ᠵᠦᠢᠯ ᠤᠨ ᠦᠢᠯᠡ ᠠᠵᠢᠯᠯᠠᠭ᠎ᠠ︾ ᠳᠤᠮᠳᠠᠬᠢ ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠥᠬᠡᠶ  ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠠᠵᠢᠯᠯᠠᠭᠴᠢᠳ ᠤᠯᠠᠭᠠᠨ ᠬᠤᠶᠠᠭ ᠢᠶᠠᠨ ᠡᠮᠦᠰᠴᠦ᠂ ᠰᠠᠶᠢᠨ ᠳᠤᠷ᠎ᠠ ᠶᠢᠨ ᠠᠵᠢᠯᠯᠠᠭᠴᠢ ᠶᠢᠨ ᠲᠡᠮᠳᠡᠭ ᠲᠠᠢ ᠮᠠᠯᠠᠭᠠᠶ ᠪᠠᠨ ᠵᠡᠭᠦᠵᠦ᠂ ᠱᠦᠭᠦᠷ᠂ ᠳᠡᠪᠢᠭᠦᠷ᠂ ᠮᠠᠯᠲᠠᠭᠤᠷ ᠵᠡᠷᠭᠡ ᠴᠡᠪᠡᠷᠯᠡᠬᠦ ᠪᠠᠭᠠᠵᠢ ᠬᠡᠷᠡᠭᠰᠡᠯ ᠢᠶᠠᠨ ᠪᠠᠷᠢᠵᠤ᠂ ᠰᠠᠶᠢᠨ ᠳᠤᠷ᠎ᠠ ᠶᠢᠨ ᠠᠵᠢᠯᠯᠠᠭ᠎ᠠ ᠶᠢᠨ ᠳᠤᠮᠳᠠ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠵᠢᠴᠢ ᠬᠠᠭᠤᠴᠢᠨ ᠬᠦᠷᠢᠶ᠎ᠡ ᠬᠠᠰᠢᠶ᠎ᠠ ᠵᠡᠷᠭᠡ ᠭᠠᠵᠠᠷ ᠣᠷᠣᠨ ᠳᠤ ᠬᠦᠷᠴᠦ ᠠᠷᠢᠭᠤᠨ ᠴᠡᠪᠡᠷ ᠤᠨ ᠴᠡᠪᠡᠷᠯᠡᠭᠡ ᠬᠢᠵᠦ᠂ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠴᠡᠪᠡᠷᠯᠡᠵᠦ᠂ ᠢᠯᠠᠩᠭᠤᠶ᠎ᠠ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠪᠠ ᠭᠬᠢᠷ ᠪᠤᠷᠲᠠᠭ ᠢ ᠠᠮᠠᠷᠬᠠᠨ ᠨᠢᠭᠤᠵᠤ ᠳᠠᠯᠳᠠᠯᠠᠳᠠᠭ ᠭᠠᠵᠠᠷ ᠢ ᠭᠤᠤᠯᠳᠠᠯᠭ᠎ᠠ ᠲᠠᠢ ᠴᠡᠪᠡᠷᠯᠡᠵᠡᠢ᠃ ᠡᠭᠦᠨ ᠤ ᠵᠡᠷᠭᠡ ᠳᠤ᠂ ᠰᠠᠭᠤᠭᠠᠯᠢ ᠠᠷᠠᠳ ᠲᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠬᠢᠵᠦ᠂ ᠪᠣᠯᠪᠠᠰᠤᠨ ᠪᠤᠰᠤ ᠠᠵᠢᠯᠯᠠᠭ᠎ᠠ ᠶᠢ ᠲᠠᠰᠤ ᠵᠣᠭᠰᠣᠭᠠᠬᠤ ᠬᠡᠷᠡᠭᠲᠡᠶ ᠭᠡᠵᠦ ᠣᠯᠠᠨ ᠢ ᠤᠷᠢᠶᠠᠯᠠᠵᠠᠶ᠃ ᠡᠭᠦᠨ ᠤ ᠬᠠᠮᠲᠤ ︽ᠶᠢᠩ ᠴᠦᠨ ᠨᠡᠶᠢᠭᠡᠮ ᠲᠣᠭᠤᠷᠢᠭ ᠤᠨ ︿ᠲᠠᠪᠤᠨ ᠥᠢᠯᠡ ᠠᠵᠢᠯᠯᠠᠭ᠎ᠠ﹀ ᠶᠢᠨ ᠰᠠᠨᠠᠭᠠᠴᠢᠯᠠᠭ᠎ᠠ ᠶᠢᠨ ᠪᠢᠴᠢᠭ︾ — ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ ᠢ ᠲᠠᠷᠬᠠᠭᠠᠵᠤ᠂ ᠥᠷᠭᠡᠨ ᠣᠯᠠᠨ ᠲᠦᠮᠡᠨ ᠢ ᠳᠠᠶᠢᠴᠢᠯᠠᠨ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠳᠤ ᠬᠠᠮᠲᠤ ᠪᠠᠷ ᠣᠷᠣᠯᠴᠠᠭᠤᠯᠵᠤ᠂ ᠣᠯᠠᠨ ᠢᠶᠠᠷ ᠢᠶᠠᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠵᠣ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠴᠡᠪᠡᠷ ᠲᠡᠭᠰᠢ᠂ ᠪᠣᠯᠪᠠᠰᠤᠨ ᠡᠮᠬᠢ ᠵᠢᠷᠤᠮ ᠲᠠᠢ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢ ᠰᠠᠨᠠᠭᠠᠴᠢᠯᠠᠪᠠ᠃ ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠴᠡᠪᠡᠷ ᠴᠡᠮᠴᠡᠭᠡᠷ ᠲᠣᠭᠤᠷᠢᠭ ᠤᠨ ᠣᠷᠴᠢᠨ ᠲᠣᠭᠤᠷᠢᠨ ᠢ ᠬᠠᠷᠠᠵᠤ᠂ ᠴᠢᠷᠠᠶ ᠳᠤᠨᠢ ᠵᠣᠯ ᠵᠢᠷᠭᠠᠯᠲᠤ ᠢᠨᠢᠶᠡᠮᠰᠦᠭᠯᠡᠯ ᠲᠣᠳᠣᠷᠠᠵᠤ᠂ ᠪᠡᠶ᠎ᠡ ᠨᠢ ᠬᠡᠳᠦ᠋ᠢᠪᠡᠷ ᠶᠠᠳᠠᠷᠠᠵᠤ ᠵᠦᠳᠡᠷᠡᠭᠰᠡᠨ ᠪᠣᠯᠪᠠᠴᠤ ᠰᠡᠳᠬᠢᠯ ᠨᠢ ᠬᠠᠷᠢᠨ ᠮᠠᠰᠢ ᠬᠠᠨᠤᠮᠵᠢᠲᠠᠶ ᠪᠠᠶᠢᠯ᠎ᠠ᠃           ᠲᠤᠰ ᠤᠳᠠᠭᠠᠨ ᠤ ᠠᠵᠢᠯᠯᠠᠭ᠎ᠠ ᠳᠤ ᠬᠤᠪᠢ ᠨᠡᠮᠡᠷᠢ ᠦᠵᠡᠭᠦᠯᠬᠦ᠂ ᠨᠥᠬᠦᠷᠰᠡᠭ ᠬᠠᠶᠢᠷ᠎ᠠ ᠲᠠᠢ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠵᠡᠢ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠦᠵᠡᠯ ᠰᠠᠨᠠᠭᠠᠨ ᠤ  ᠤᠬᠠᠮᠰᠠᠷ ᠢ ᠦᠨᠡᠨᠬᠦ ᠴᠢᠩᠭᠠᠳᠬᠠᠵᠤ᠂ ᠪᠠᠰᠠ ᠬᠠᠷᠢᠶ᠎ᠠ ᠣᠷᠣᠨ ᠤ ᠳᠣᠲᠣᠷ᠎ᠠ ᠪᠠᠨ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠪᠠᠷ ᠴᠢᠷᠮᠠᠶᠢᠬᠤ᠂ ᠪᠣᠯᠪᠠᠰᠤᠨ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃        
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号