ᠭᠤᠤ ᠲᠠᠢ ᠽᠢ ᠵᠡᠭᠡᠯᠢ ᠭᠤᠳᠤᠮᠵᠢ᠄ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/4/8
      ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠠᠷᠢᠶᠠᠴᠢᠨ ᠲᠦᠮᠡᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠭᠤᠤ ᠲᠠᠢ ᠽᠢ ᠵᠡᠭᠡᠯᠢ ᠭᠤᠳᠤᠮᠵᠢ ᠶᠢᠨ ᠲᠠᠰᠤᠷᠠᠯᠲᠠ ᠦᠭᠡᠢ ᠰᠢᠨ᠎ᠡ ᠶᠢ ᠡᠭᠦᠳᠦᠨ ᠰᠦᠪᠡᠭᠴᠢᠯᠡᠵᠦ᠂ ᠲᠠᠯ᠎ᠠ ᠨᠤᠲᠤᠭ ᠤᠨ ᠨᠣᠮ ᠤᠨ ᠦᠷᠦᠭᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢ  ᠤᠯᠠᠨ ᠲᠦᠮᠡᠨ ᠤ ᠨᠠᠮ ᠤᠨ ᠲᠡᠦᠬᠡ ᠶᠢ ᠰᠤᠷᠤᠯᠴᠠᠬᠤ ᠵᠣᠷᠢᠭ ᠰᠠᠨᠠᠭᠠᠨ ᠤ ᠵᠢᠭᠰᠠᠭᠠᠯ ᠤᠨ ᠭᠠᠵᠠᠷ ᠪᠣᠯᠭᠠᠵᠤ᠂ ᠲᠠᠯ᠎ᠠ ᠨᠤᠲᠤᠭ ᠤᠨ ᠨᠣᠮ ᠤᠨ ᠦᠷᠦᠭᠡ ᠳᠤ ᠲᠦᠰᠢᠭᠯᠡᠨ ᠨᠠᠮ ᠤᠨ ᠲᠡᠦᠬᠡ ᠶᠢ ᠤᠯᠠᠮᠵᠢᠯᠠᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃         ᠣᠶᠢᠯᠠᠭᠠᠭᠰᠠᠨ ᠢᠶᠠᠷ᠂ ᠲᠠᠯ᠎ᠠ ᠨᠤᠲᠤᠭ ᠤᠨ ᠨᠣᠮ ᠤᠨ ᠥᠷᠥᠭᠡ ᠨᠢ ᠠᠭᠠᠵᠢᠮ ᠢᠶᠠᠷ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ᠂ ᠲᠠᠷᠢᠶᠠᠯᠠᠩ ᠤᠨ ᠲᠤᠰᠬᠠᠶ ᠮᠡᠷᠭᠡᠵᠢᠯ ᠤᠨ ᠮᠡᠳᠡᠯᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠬᠦ ᠪᠠ ᠨᠠᠮ ᠤᠨ ᠲᠡᠤᠬᠡ ᠶᠢ ᠰᠤᠷᠤᠯᠴᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠵᠣ ᠪᠠᠶᠢᠨ᠎ᠠ᠃        ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠣᠶᠣᠯ ᠢ ᠤᠷᠢᠳᠠᠪᠠᠷ ᠬᠥᠭᠵᠢᠭᠦᠯᠦᠨ᠎ᠡ︾᠃ ᠨᠣᠮ ᠤᠨ ᠥᠷᠥᠭᠡᠨ ᠤ ᠵᠢᠭᠰᠠᠭᠠᠯ ᠤᠨ ᠭᠠᠵᠠᠷ ᠬᠡᠳᠦ᠋ᠢᠪᠡᠷ ᠪᠠᠭ᠎ᠠ ᠪᠣᠯᠪᠠᠴᠤ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠰᠣᠯᠢᠯᠴᠠᠭᠠᠨ ᠤ ᠲᠠᠪᠴᠠᠩ ᠤᠨ ᠴᠢᠳᠠᠮᠵᠢ ᠶᠢ ᠠᠴᠢᠶᠠᠯᠠᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ᠂  ᠮᠡᠳᠡᠯᠭᠡ ᠶᠢ ᠣᠯᠠᠮᠵᠢᠯᠠᠨ ᠳᠡᠯᠭᠡᠷᠡᠭᠦᠯᠬᠦ ᠴᠢᠬᠤᠯᠠ ᠠᠷᠭ᠎ᠠ ᠬᠡᠯᠪᠡᠷᠢ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠭᠤᠤ ᠲᠠᠢ ᠽᠢ ᠲᠣᠰᠬᠤᠨ ᠤ ᠬᠢᠨ ᠲᠠᠯ᠎ᠠ ᠨᠤᠲᠤᠭ ᠤᠨ ᠨᠣᠮ ᠤᠨ ᠦᠷᠦᠭᠡ ᠶᠢ ᠤᠯᠠᠮ ᠴᠢᠨᠠᠭᠰᠢᠳᠠ ᠬᠠᠶᠢᠨ ᠰᠦᠪᠡᠭᠴᠢᠯᠡᠵᠦ᠂ ᠰᠠᠶᠢᠲᠤᠷ ᠬᠡᠷᠡᠭᠯᠡᠵᠦ᠂ ᠠᠮᠢᠳᠤᠯᠢᠭ ᠢᠶᠠᠷ ᠬᠡᠷᠡᠭᠯᠡᠵᠦ᠂  ᠰᠣᠶᠣᠯ ᠤᠨ ᠢᠲᠡᠭᠡᠯ ᠢ ᠨᠢᠭᠲᠠᠷᠠᠭᠤᠯᠵᠤ᠂ ᠨᠣᠮ ᠤᠨ ᠦᠷᠦᠭᠡ ᠶᠢᠨ ᠡᠨᠡᠬᠦ ︽ᠪᠠᠭ᠎ᠠ ᠵᠢᠭᠰᠠᠭᠠᠯ ᠤᠨ ᠭᠠᠵᠠᠷ︾ ᠢ ᠨᠡᠩ ᠤᠯᠠᠨ ︽ᠶᠡᠭᠡ ᠬᠦᠴᠦᠨ ᠴᠢᠳᠠᠯ︾  ᠢ ᠪᠠᠳᠠᠷᠠᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号