ᠵᠥᠩ ᠾᠧ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠣᠷᠣᠶ ᠶᠢᠨ ᠰᠤᠷᠭᠠᠭᠤᠯᠢ ᠶᠢᠨ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/4/8
     ᠲᠡᠦᠬᠡ ᠶᠢ ᠮᠡᠳᠡᠵᠦ ᠨᠠᠮ ᠢᠶᠠᠨ ᠬᠠᠶᠢᠷᠠᠯᠠᠬᠤᠶ᠎ᠠ᠂ ᠤᠬ ᠰᠠᠨᠠᠭ᠎ᠠ ᠪᠠᠲᠤ ᠪᠠᠬᠢ ᠪᠠᠶᠢᠬᠤ ᠶᠢ ᠬᠦᠰᠡᠮᠦᠶ᠃ ᠨᠠᠮ ᠤᠨ ᠲᠡᠦᠬᠡ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠵᠤ᠂ ᠬᠥᠭᠵᠢᠯᠲᠡ ᠶᠢᠨ ᠬᠦᠴᠦᠨ ᠢ ᠰᠢᠩᠭᠡᠭᠡᠨ ᠠᠪᠬᠤ ᠶᠢᠨ ᠲᠥᠯᠥᠭᠡ᠂ 4  ᠰᠠᠷ᠎ᠠ  ᠶᠢᠨ  6      ᠤ  ᠦᠳᠡ ᠶᠢᠨ ᠬᠤᠶᠢᠨᠠᠬᠢ 5 ᠴᠠᠭ ᠲᠤ᠂ ᠵᠦᠩ ᠾᠧ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠷᠤᠢ ᠶᠢᠨ ᠰᠤᠷᠭᠠᠭᠤᠯᠢ ᠶᠢᠨ ᠨᠣᠮ ᠤᠩᠰᠢᠬᠤ ᠠᠩᠬᠢ ᠶᠢ ᠡᠷᠬᠢᠯᠡᠪᠡ᠃         ᠤᠷᠤᠢ ᠶᠢᠨ ᠰᠤᠷᠭᠠᠭᠤᠯᠢ ᠶᠢᠨ ᠨᠣᠮ ᠤᠩᠰᠢᠬᠤ ᠠᠩᠬᠢ ᠨᠢ ︽ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠶᠠᠪᠣᠭᠳᠠᠭᠤᠯᠬᠤ ᠶᠢ ᠡᠷᠬᠢᠮᠯᠡᠬᠦ︾ ᠱᠠᠭᠠᠷᠳᠠᠯᠭ᠎ᠠ ᠶᠢᠨ ᠲᠣᠭᠤᠷᠢᠨ ᠳᠤ ᠰᠤᠷᠤᠯᠴᠠᠵᠠᠢ᠃ ᠰᠢ ᠶᠢᠨ ᠫᠢᠩ ᠶᠡᠷᠦᠩᠬᠡᠶ ᠱᠦᠵᠢ ᠶᠢᠨ ︽ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ ᠪᠣᠯ ᠬᠠᠮᠤᠭ ᠤᠨ ᠰᠠᠶᠢᠨ ᠰᠢᠮ᠎ᠡ ᠲᠡᠵᠢᠭᠡᠯ  ᠲᠠᠢ ᠡᠮ ᠮᠥᠨ︾ ᠭᠡᠬᠦ ᠵᠡᠷᠭᠡ ᠴᠢᠬᠤᠯᠠ ᠥᠭᠦᠯᠡᠯᠲᠡ ᠶᠢᠨ ᠲᠣᠭᠤᠷᠢᠨ ᠳᠤ ᠥᠷᠨᠢᠭᠦᠯᠵᠦ᠂ ᠨᠠᠮ ᠤᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠮᠠᠤ  ᠽᠧ ᠳ᠋ᠦᠩ ᠨᠥᠬᠦᠷ ᠤᠨ ︽ᠪᠡᠭᠡᠵᠢᠩ ᠳᠤ ᠣᠴᠢᠵᠤ ᠰᠢᠯᠭᠠᠯᠲᠠ ᠳᠤ ᠣᠷᠣᠯᠴᠠᠬᠤ︾ ᠲᠤᠬᠠᠶ ᠰᠡᠷᠡᠮᠵᠢ ᠪᠠ ︽ᠬᠤᠶᠠᠷ ᠡᠷᠬᠡᠪᠰᠢ︾ ᠭᠡᠰᠡᠨ ᠴᠢᠬᠤᠯᠠ ᠨᠤᠲᠠᠯᠠᠯᠲᠠ ᠶᠢ  ᠡᠷᠭᠢᠴᠡᠭᠦᠯᠪᠡ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠨᠠᠮ ᠪᠣᠯᠤᠨ ᠠᠷᠠᠳ ᠤᠨ ᠴᠡᠷᠢᠭ ᠠᠩᠬᠢ ᠳᠤ ᠦᠵᠡᠭᠦᠯᠦᠭᠰᠡᠨ ᠬᠤᠪᠢ ᠨᠡᠮᠡᠷᠢ ᠶᠢ ᠡᠷᠭᠢᠴᠡᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠪᠣᠯ ᠨᠠᠮ ᠪᠣᠯᠤᠨ ᠠᠷᠠᠳ ᠤᠨ ᠴᠡᠷᠢᠭ ᠠᠩᠬᠢ ᠶᠢᠨ ᠦᠨᠳᠦᠰᠦ ᠪᠣᠯᠬᠤ ᠶᠢ ᠭᠦᠨᠵᠡᠭᠡᠢ ᠲᠠᠨᠢᠪᠠ᠃ ᠲᠥᠪᠯᠡᠷᠡᠭᠦᠯᠦᠨ ᠰᠤᠷᠤᠯᠴᠠᠭᠰᠠᠨ ᠤ ᠳᠠᠷᠠᠭ᠎ᠠ᠂ ᠪᠠᠭ ᠤᠨ ᠪᠦᠷᠢᠯᠳᠦᠬᠦᠨ ᠨᠡᠷ  ᠢᠳᠡᠨᠬᠢᠲᠡᠢ  ᠶᠠᠷᠢᠯᠴᠠᠵᠤ᠂ ᠰᠤᠷᠤᠯᠴᠠᠭᠰᠠᠨ ᠣᠯᠤᠯᠲᠠ ᠲᠥᠷᠥᠭᠳᠡᠯ ᠤᠨ ᠲᠤᠬᠠᠶ ᠰᠠᠨᠠᠯ ᠢᠶᠠᠨ ᠭᠦᠢᠴᠡᠳ ᠰᠣᠯᠢᠯᠴᠠᠪᠠ᠃            ᠵᠥᠩ ᠾᠧ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ︽ᠲᠣᠭᠲᠠᠭᠰᠠᠨ ᠬᠥᠳᠡᠯᠦᠯ︾ ᠶᠣᠰᠣᠭᠠᠷ ᠳᠠᠬᠢᠨ ᠳᠠᠪᠲᠠᠨ ᠰᠤᠷᠤᠯᠴᠠᠵᠤ᠂ ᠨᠠᠷᠢᠨ ᠬᠢᠨᠠᠮᠠᠭᠠᠶ ᠰᠤᠷᠤᠯᠴᠠᠵᠤ᠂ ᠰᠡᠳᠬᠢᠯ ᠲᠠᠯᠪᠢᠨ ᠰᠤᠷᠤᠯᠴᠠᠵᠤ᠂ ᠰᠤᠷᠤᠯᠴᠠᠨ ᠰᠡᠳᠬᠢᠵᠦ ᠲᠤᠭᠤᠷᠠᠳᠠᠯ᠎ᠠ ᠣᠶᠢᠯᠠᠭᠠᠵᠤ ᠪᠣᠳᠠᠲᠠᠶᠢᠵᠢᠭᠤᠯᠬᠤ ᠬᠡᠷᠡᠭᠲᠡᠶ᠃ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠲᠠᠢ ᠤᠶᠠᠯᠳᠤᠭᠤᠯᠤᠨ᠂ ᠤᠯᠠᠨ ᠲᠦᠮᠡᠨ ᠳᠠᠭᠤᠳᠠᠬᠤ᠂ ᠲᠣᠰᠬᠤᠨ ᠤ ᠰᠠᠭᠤᠭᠠᠯᠢ ᠠᠷᠠᠳ ᠲᠤ ᠱᠦᠭᠯᠦ ᠦᠯᠢᠶᠡᠬᠦ᠂ ᠨᠠᠮ ᠤᠨ ᠭᠡᠰᠢᠭᠦᠨ ᠮᠡᠳᠡᠭᠡᠯᠡᠬᠦ ᠬᠡᠷᠡᠭᠲᠡᠶ᠃ ᠨᠠᠮ ᠤᠨ ᠲᠡᠦᠬᠡ ᠶᠢᠨ ᠦᠵᠡᠯ ᠰᠠᠨᠠᠭᠠᠨ ᠤ ᠠᠤᠭ᠎ᠠ ᠬᠦᠴᠦᠨ ᠤ ᠳᠤᠮᠳᠠ ᠠᠴᠠ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ᠂ ᠰᠢᠨ᠎ᠡ ᠪᠠᠶᠢᠳᠠᠯ ᠢ ᠨᠡᠭᠡᠭᠡᠬᠦ᠂ ᠰᠢᠨ᠎ᠡ ᠬᠠᠭᠤᠳᠠᠰᠤ ᠶᠢ ᠪᠤᠶᠢᠵᠢᠭᠤᠯᠬᠤ ᠭᠠᠷᠳᠠᠴᠠ ᠶᠢ ᠡᠷᠢᠨ ᠣᠯᠵᠤ᠂ ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠵᠤ᠂ ᠤᠬ ᠰᠠᠨᠠᠭ᠎ᠠ ᠪᠠᠨ ᠪᠠᠲᠤ ᠴᠢᠩᠭ᠎ᠠ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠬᠢᠵᠦ ᠦᠢᠯᠡᠰ ᠪᠤᠰᠬᠠᠬᠤ ᠶᠢᠨ ᠬᠥᠳᠡᠯᠭᠡᠬᠦ ᠬᠦᠴᠦᠨ ᠪᠣᠯᠭᠠᠨ ᠳᠠᠰᠤᠷᠠᠯᠳᠠ ᠦᠬᠡᠢ ᠬᠤᠪᠢᠷᠠᠭᠤᠯᠬᠤ ᠬᠡᠷᠡᠭᠲᠡᠢ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号