ᠰᠢᠩ ᠬᠤᠸᠠ ᠵᠡᠭᠡᠯᠢ ᠭᠤᠳᠤᠮᠵᠢ ᠶᠢᠨ ᠬᠢᠨ ︽ᠰᠣᠪᠠᠭ᠂ ᠲᠠᠨ ᠢ ᠬᠠᠪᠰᠤᠷᠤᠨ  ᠭᠦᠢᠴᠡᠳᠭᠡᠬᠦ︾  ᠰᠢᠯᠵᠢᠮᠡᠯ ᠦᠵᠦᠭᠦᠷ ᠤᠨ ᠤᠬᠠᠭᠤᠯᠭ᠎ᠠ ᠶᠢ ᠳᠡᠯᠭᠡᠷᠡᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/5/11
      ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ  ᠵᠦᠢᠯᠡᠰ ᠤᠨ ︽ᠠᠯᠠᠭᠠᠨ ᠤ ᠠᠯᠪᠠᠨ ᠬᠡᠷ︾ ᠤᠨ  ᠦᠢᠯᠡᠴᠢᠯᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠣᠶᠢᠷ᠎ᠠ ᠳᠤ᠂ ᠰᠢᠩ ᠬᠤᠸᠠ ᠵᠡᠭᠡᠯᠢ ᠭᠤᠳᠤᠮᠵᠢ ᠶᠢᠨ ᠬᠢᠨ  ︽ᠰᠣᠪᠠᠭ᠂ ᠲᠠᠨ ᠢ ᠬᠠᠪᠰᠤᠷᠤᠨ  ᠭᠦᠢᠴᠡᠳᠭᠡᠬᠦ︾ ᠰᠢᠯᠵᠢᠮᠡᠯ ᠬᠤᠯᠪᠣᠭᠠᠨ ᠤ ᠦᠵᠦᠭᠦᠷ ᠤᠨ ᠤᠬᠠᠭᠤᠯᠤᠨ ᠳᠡᠯᠭᠡᠷᠡᠭᠦᠯᠬᠦ ᠠᠵᠢᠯ ᠢ ᠥᠷᠨᠢᠭᠦᠯᠪᠡ᠃          ᠰᠢᠩ ᠬᠤᠸᠠ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠨᠢ ᠠᠵᠢᠯ ᠤᠨ ᠪᠦᠯᠬᠦᠮ᠂ ᠰᠠᠶᠢᠨ ᠳᠤᠷ᠎ᠠ ᠶᠢᠨ  ᠦᠢᠯᠡᠴᠢᠯᠡᠭᠡᠨ ᠤ ᠪᠦᠯᠬᠦᠮ ᠢᠶᠠᠷ ᠳᠠᠮᠵᠢᠭᠤᠯᠤᠨ᠂ ︽ ᠰᠣᠪᠠᠭ︾ ᠤᠨ ᠳᠠᠩᠰᠠᠯᠠᠭᠤᠯᠬᠤ ᠵᠦᠭᠯᠡᠭᠦᠷ ᠢ ᠳᠠᠮᠵᠢᠭᠤᠯᠤᠨ ᠲᠠᠷᠬᠠᠭᠠᠵᠤ᠂ ᠡᠯ᠎ᠡ ᠨᠡᠶᠢᠭᠡᠮ ᠲᠣᠭᠤᠷᠢᠭ ᠤᠨ ᠬᠢᠨ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠳᠠᠷᠤᠭ᠎ᠠ᠂ ᠰᠦᠯᠵᠢᠶᠡᠨ ᠤ ᠠᠵᠢᠯᠲᠠᠨ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠣᠯᠠᠨ ᠲᠦᠮᠡᠨ ᠳᠤ ︽ᠰᠣᠪᠠᠭ︾ ᠤᠨ app ᠪᠠᠭᠤᠯᠭᠠᠵᠤ ᠳᠠᠩᠰᠠᠯᠠᠭᠤᠯᠬᠤ ᠶᠠᠪᠤᠴᠠ ᠵᠢᠴᠢ ᠴᠢᠳᠠᠮᠵᠢ ᠶᠢᠨ ᠦᠵᠡᠭᠦᠯᠦᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠠᠷᠢᠨ ᠲᠠᠶᠢᠯᠪᠤᠷᠢᠯᠠᠯᠲᠠ ᠪᠠ ᠬᠠᠷᠢᠭᠤᠯᠲᠠ ᠥᠭᠪᠡ᠃          ᠲᠣᠰ ᠤᠳᠠᠭᠠᠨ ᠤ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠳᠤ ︽ ᠰᠣᠪᠠᠭ︾ ᠤᠨ app ᠤᠨ ᠲᠤᠬᠠᠶ ᠤᠯᠠᠮ ᠨᠢᠭᠡ ᠠᠯᠬᠤᠮ ᠲᠠᠨᠢᠯᠲᠠ ᠲᠠᠢ ᠪᠣᠯᠭᠠᠵᠤ᠂ ︽ ᠰᠣᠪᠠᠭ︾ ᠤᠨ app ᠤᠨ ᠳᠡᠩᠰᠡᠯᠡᠨ ᠳᠡᠯᠭᠡᠷᠡᠭᠦᠯᠬᠦ ᠶᠠᠪᠤᠴᠠ ᠳᠤ ᠣᠯᠠᠨ ᠲᠦᠮᠡᠨ ᠤ  ᠦᠢᠯᠡᠴᠢᠯᠡᠭᠡ ᠳᠤ ᠲᠥᠬᠦᠮ ᠦᠵᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ  ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠴᠦ ᠰᠠᠶᠢᠨ ᠰᠠᠭᠤᠷᠢ ᠲᠠᠯᠪᠢᠵᠤ ᠥᠭᠴᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号