ᠰᠢᠶᠠᠩ ᠶᠠᠩ ᠵᠡᠭᠡᠯᠢ ᠭᠤᠳᠤᠮᠵᠢ᠄ ᠰᠦᠯᠵᠢᠶᠡᠨ ᠤ ᠲᠠᠰᠤᠭ ᠤᠨ ᠳᠠᠷᠤᠭ᠎ᠠ ᠡᠷᠦᠬᠡ ᠳᠤ ᠬᠦᠷᠴᠦ ᠰᠠᠭᠤᠭᠠᠯᠢ ᠠᠷᠠᠳ ᠲᠤ  ᠦᠢᠯᠡᠴᠢᠯᠡᠪᠡ
ᠨᠡᠶᠢᠲᠡᠯᠡᠭᠰᠡᠨ ᠴᠠᠭ᠄
2021/5/11
     ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠡᠵᠡᠮᠰᠢᠵᠦ᠂ ᠨᠡᠶᠢᠭᠡᠮ ᠲᠣᠭᠤᠷᠢᠭ ᠤᠨ ᠰᠦᠯᠵᠢᠶᠡᠨ ᠤ ᠬᠠᠮᠢᠶᠠᠷᠤᠯᠲᠠ ᠶᠢ ᠨᠡᠩ ᠰᠠᠶᠢᠨ ᠳᠥᠯᠭᠢᠨ ᠠᠬᠢᠭᠤᠯᠵᠤ᠂ ᠰᠦᠯᠵᠢᠶᠡᠨ ᠤ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠪᠠᠲᠤᠳᠬᠠᠨ᠂ ᠰᠠᠭᠤᠭᠠᠯᠢ ᠠᠷᠠᠳ ᠤᠨ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ ᠢ ᠪᠠᠲᠤᠯᠠᠵᠤ᠂ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠣᠶᠢᠷ᠎ᠠ ᠳᠤ ᠰᠢᠶᠠᠩ ᠶᠠᠩ ᠵᠡᠭᠡᠯᠢ ᠭᠤᠳᠤᠮᠵᠢ ᠶᠢᠨ ᠬᠢᠨ ᠰᠦᠯᠵᠢᠶᠡᠨ ᠤ ᠲᠠᠰᠤᠯᠭ᠎ᠠ ᠶᠢᠨ ᠳᠠᠷᠤᠭ᠎ᠠ ᠪᠠᠷ ᠠᠶᠢᠯ ᠡᠷᠦᠬᠡ ᠳᠤ ᠬᠦᠷᠴᠦ ᠦᠢᠯᠡᠴᠢᠯᠡᠬᠦ ᠶᠢ ᠵᠣᠬᠢᠶᠠᠨ  ᠪᠠᠶᠢᠭᠤᠯᠪᠠ᠃              ᠡᠷᠦᠬᠡ ᠳᠤ ᠣᠷᠣᠬᠤ ᠶᠠᠪᠤᠴᠠ ᠳᠤ᠂ ᠰᠦᠯᠵᠢᠶᠡᠨ ᠤ ᠲᠠᠰᠤᠭ ᠤᠨ ᠳᠠᠷᠤᠭ᠎ᠠ ᠲᠣᠰ ᠲᠣᠰ ᠤᠨ ᠰᠦᠯᠵᠢᠶᠡᠨ ᠤ ᠲᠠᠰᠤᠭ ᠤᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠰᠦᠯᠵᠢᠶᠡᠨ ᠤ ᠲᠠᠰ ᠤᠨ ᠬᠠᠮᠢᠶᠠᠷᠤᠯᠲᠠ ᠶᠢᠨ ᠠᠵᠢᠯ ᠢ ᠤᠬᠠᠭᠤᠯᠪᠠ᠃ ᠰᠦᠯᠵᠢᠶᠡᠨ ᠤ ᠲᠠᠰᠤᠭ ᠤᠨ ᠳᠠᠷᠤᠭ᠎ᠠ‌ᠨᠢ ᠬᠠᠷᠢᠶ᠎ᠠ ᠲᠣᠭᠤᠷᠢᠭ ᠤᠨ ᠢᠶᠠᠨ  ᠠᠶᠢᠯ ᠡᠷᠦᠬᠡ ᠪᠣᠯᠭᠠᠨ ᠳᠤ  ᠬᠦᠷᠴᠦ᠂ ᠪᠦᠷᠢᠳᠬᠡᠯ ᠤᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠰᠠᠭᠤᠭᠠᠯᠢ ᠠᠷᠠᠳ ᠲᠠᠢ ᠰᠡᠳᠬᠢᠯ ᠤᠨ ᠦᠭᠡ ᠪᠠᠨ ᠰᠣᠯᠢᠯᠴᠠᠵᠤ᠂ ᠨᠡᠶᠢᠭᠡᠮ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠰᠠᠭᠤᠭᠠᠯᠢ ᠠᠷᠠᠳ  ᠲᠤ ᠮᠡᠳᠡᠭᠦᠯᠵᠡᠢ᠃ ᠡᠭᠦᠨ ᠤ ᠵᠡᠷᠭᠡ ᠳᠤ᠂ ᠰᠤᠷᠪᠤᠯᠵᠢᠯᠠᠬᠤ ᠶᠠᠪᠤᠴᠠ ᠳᠤ᠂ ᠡᠯ᠎ᠡ ᠰᠦᠯᠵᠢᠶᠡᠨ ᠤ ᠳᠠᠷᠤᠭ᠎ᠠ ᠰᠦᠯᠵᠢᠶᠡᠨ ᠤ ᠳᠣᠲᠣᠷ᠎ᠠ ᠣᠷᠣᠰᠢᠵᠤ ᠪᠠᠶᠢᠭ᠎ᠠ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠪᠣᠯᠤᠨ ᠵᠥᠷᠢᠴᠡᠯ ᠵᠢᠭᠤᠷᠠᠯᠳᠤᠭᠠᠨ ᠢ ᠨᠢᠭᠲᠠ ᠠᠩᠬᠠᠷᠴᠤ᠂ ᠰᠢᠪᠠᠳᠠᠨ ᠡᠶᠡᠳᠡᠭᠦᠯᠬᠦ ᠪᠠ ᠳᠠᠩᠰᠠᠯᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠪᠣᠳᠠᠲᠠᠶ ᠬᠦᠴᠢᠷᠳᠡᠯ ᠢ  ᠬᠤᠶᠢᠰᠢᠲᠠ ᠨᠢᠭᠡᠳ ᠨᠢᠭᠡ ᠪᠠᠷ  ᠰᠢᠢᠳᠪᠦᠷᠢᠯᠡᠵᠦ ᠥᠭᠬᠦ ᠪᠣᠯᠤᠨ᠎ᠠ᠃           ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠢ ᠥᠷᠨᠢᠭᠦᠯᠬᠦ ᠪᠠᠷ ᠳᠡᠮᠵᠢᠨ᠂ ᠦᠢᠯᠡᠴᠢᠯᠡᠭᠡᠨ ᠤ ᠭᠤᠣᠯᠳᠠᠯᠭ᠎ᠠ  ᠶᠢ  ᠠᠳᠬᠤᠵᠣ᠂ ᠠᠵᠢᠯ ᠳᠠᠭᠠᠨ ᠴᠢᠭᠯᠡᠯ ᠲᠠᠢ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ  ᠶᠡᠭᠡᠰᠭᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠪᠣᠳᠠᠲᠠᠶ ᠬᠦᠴᠢᠷᠳᠡᠯ ᠢ ᠬᠦᠴᠦᠯᠡᠨ  ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ  ᠬᠦᠰᠡᠯ ᠡᠷᠡᠮᠡᠯᠵᠡᠯ ᠢ ᠲᠡᠮᠳᠡᠭᠯᠡᠵᠦ᠂ ᠰᠠᠭᠤᠭᠠᠯᠢ ᠠᠷᠠᠳ ᠲᠤ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠣᠶᠢᠯᠠᠭᠠᠭᠤᠯᠵᠤ᠂ ᠤᠯᠠᠨ ᠲᠦᠮᠡᠨ ᠤ ᠬᠡᠷᠡᠭᠴᠡᠭᠡ ᠪᠠ ᠰᠠᠨᠠᠯ ᠢ ᠥᠷᠭᠡᠨ ᠢᠶᠠᠷ ᠴᠤᠭᠯᠠᠭᠤᠯᠵᠤ᠂ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ ᠶᠢᠨ ᠰᠠᠭᠤᠭᠠᠯᠢ ᠠᠷᠠᠳ ᠯᠤᠭ᠎ᠠ ᠶᠢᠨ ᠵᠠᠶ ᠶᠢ  ᠪᠣᠭᠤᠨᠢᠰᠬᠠᠵᠣ᠂ ᠡᠯ᠎ᠡ ᠵᠦᠢᠯ ᠤᠨ ᠠᠵᠢᠯ ᠢ ᠭᠦᠨᠵᠡᠭᠡᠶ ᠥᠷᠨᠢᠭᠦᠯᠬᠦ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号