ᠨᠠᠨᠮᠤ ᠣᠷᠴᠣᠨ ᠤ ᠦᠨᠳᠦᠰᠦᠲᠡᠨ ᠤ ᠰᠢᠶᠠᠩ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ︽ᠪᠢ  ᠴᠢᠮᠠᠶᠢ ᠬᠠᠪᠰᠣᠷᠣᠶ᠎ᠠ︾ ᠭᠠᠷ ᠤᠷᠠᠯᠠᠯ ᠤᠨ ᠨᠡᠬᠡᠮᠡᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/5/11
       ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠭᠤᠣᠯ ᠰᠡᠳᠦᠪᠲᠦ ᠦᠢᠯᠡᠳᠦᠯᠭᠡ ᠶᠢ ᠭᠦᠨᠵᠡᠭᠡᠢ ᠥᠷᠨᠢᠭᠦᠯᠬᠦ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ︽ᠪᠢ ᠴᠢᠮᠠᠶᠢ  ᠬᠠᠪᠰᠣᠷᠣᠶ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ  ᠶᠢ ᠴᠤᠤᠷᠢᠶᠠᠲᠤᠭᠤᠯᠤᠨ᠎ᠠ᠃  ᠨᠠᠨᠮᠤ ᠶᠢᠨ ᠣᠷᠴᠣᠨ ᠤ ᠦᠨᠳᠦᠰᠦᠲᠡᠨ ᠤ ᠰᠢᠶᠠᠩ ᠤᠨ ᠬᠢᠨ ᠤᠯᠠᠨ ᠲᠦᠮᠡᠨ ᠤ ᠪᠣᠳᠠᠲᠤ ᠬᠡᠷᠡᠭᠴᠡᠭᠡ ᠳᠤ  ᠦᠨᠳᠦᠰᠦᠯᠡᠨ᠂ 5 ᠰᠠᠷ᠎ᠠ ᠶᠢᠨ 9      ᠤ ᠦᠳᠡ ᠶᠢᠨ ᠡᠮᠦᠨ᠎ᠡ᠂ 108 ᠳ᠋ᠤᠭᠠᠷ ᠡᠬᠡᠴᠦᠦᠯ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂  ᠮᠣᠷᠢᠨᠳᠠᠪᠠᠭ᠎ᠠ ᠬᠤᠰᠢᠭᠤᠨ ᠤ ᠬᠤᠢ ᠮᠦ ᠶᠢᠨ ᠬᠢᠮᠡᠯ ᠭᠡᠵᠢᠭᠡ ᠨᠡᠬᠡᠬᠦ ᠵᠢᠯᠤᠭᠤᠳᠤᠭᠴᠢ ᠪᠠᠭᠰᠢ ᠶᠢ ᠲᠤᠰᠬᠠᠶᠢᠯᠠᠨ ᠤᠷᠢᠵᠤ ᠳ᠋ᠤᠤ ᠨᠠᠨ ᠲᠣᠰᠬᠤᠨ ᠳᠤ ︽ᠪᠢ  ᠴᠢᠮᠠᠶᠢ ᠬᠠᠪᠰᠣᠷᠣᠶ᠎ᠠ︾ ᠭᠠᠷ ᠤᠷᠠᠯᠠᠯ ᠤᠨ ᠨᠡᠬᠡᠮᠡᠯ ᠤᠨ ᠪᠣᠯᠪᠠᠰᠤᠷᠠᠯ ᠤᠨ ᠠᠩᠬᠢ ᠡᠷᠬᠢᠯᠡᠵᠦ᠂ ᠬᠢᠮᠡᠯ ᠭᠡᠵᠢᠭᠡ ᠨᠡᠬᠡᠬᠦ ᠤᠷ᠎ᠠ ᠮᠡᠷᠭᠡᠵᠢᠯ ᠢ ᠵᠢᠭᠠᠪᠠ᠃ ᠳ᠋ᠤᠤ ᠨᠠᠨ ᠲᠣᠰᠬᠤᠨ ᠤ 20 ᠭᠠᠷᠤᠢ ᠡᠮᠡᠭᠲᠡᠶᠢᠴᠦᠳ ᠪᠣᠯᠪᠠᠰᠤᠷᠠᠯ ᠳᠤ ᠣᠷᠣᠯᠴᠠᠪᠠ᠃          ᠪᠣᠯᠪᠠᠰᠤᠷᠠᠯ ᠳᠤ ᠣᠷᠣᠯᠴᠠᠭᠰᠠᠨ ᠡᠮᠡᠭᠲᠡᠶᠢᠴᠦᠳ ᠤᠨ ᠰᠤᠷᠤᠯᠴᠠᠬᠤ ᠤᠷᠮ᠎ᠠ ᠵᠣᠷᠢᠭ ᠣᠷᠭᠢᠯᠣᠨ ᠪᠠᠳᠠᠷᠠᠵᠤ᠂ ᠰᠢᠮᠳᠠᠨ ᠰᠤᠷᠤᠯᠴᠠᠵᠤ ᠰᠠᠶᠢᠲᠤᠷ ᠠᠰᠠᠭᠤᠨ᠂ ᠣᠬᠤᠷᠬᠠᠨ ᠬᠤᠭᠤᠴᠠᠭᠠᠨ ᠳᠤ ᠬᠢᠮᠡᠯ ᠭᠡᠵᠢᠭᠡ ᠵᠣᠬᠢᠶᠠᠬᠤ ᠦᠨᠳᠦᠰᠦᠨ ᠤᠷ᠎ᠠ ᠮᠡᠷᠭᠡᠵᠢᠯ ᠢ ᠡᠵᠡᠮᠰᠢᠭᠰᠡᠨ ᠪᠠᠶᠢᠨ᠎ᠠ᠃ ᠪᠣᠯᠪᠠᠰᠤᠷᠠᠩᠭᠤᠶ ᠮᠡᠷᠭᠡᠵᠢᠯ ᠢᠶᠠᠨ ᠲᠠᠰᠤᠷᠠᠯᠲᠠ ᠦᠭᠡᠢ ᠪᠣᠯᠪᠠᠰᠤᠷᠠᠭᠰᠠᠨ ᠤ ᠳᠠᠷᠠᠭ᠎ᠠ ᠬᠢᠮᠡᠯ ᠭᠡᠵᠢᠭᠡᠨ ᠤ ᠪᠦᠲᠦᠭᠡᠭᠳᠡᠬᠦᠨ ᠢ ᠬᠢᠬᠦ ᠳᠤ ᠣᠷᠣᠯᠴᠠᠵᠤ ᠪᠣᠯᠤᠨ᠎ᠠ᠃ ᠬᠠᠭᠤᠷᠮᠠᠭ ᠭᠡᠵᠢᠭᠡ ᠬᠢᠬᠦ ᠳᠤ ᠰᠢᠷᠬᠡᠭ ᠢᠶᠠᠷ  ᠴᠠᠯᠢᠩ ᠪᠤᠳᠤᠬᠤ ᠲᠦᠷᠢᠮ  ᠢ ᠬᠡᠷᠡᠭᠵᠢᠭᠦᠯᠵᠦ᠂ ᠨᠠᠰᠤᠨ ᠤ  ᠬᠢᠵᠠᠭᠠᠷᠯᠠᠯ ᠦᠭᠡᠢ ᠪᠠᠷ ᠢᠯᠡᠭᠦᠦ ᠬᠥᠳᠡᠯᠮᠦᠷᠢᠯᠡᠪᠡᠯ ᠢᠯᠡᠭᠦᠦ ᠣᠯᠵᠤ᠂ ᠦᠢᠯᠡᠳᠪᠦᠷᠢ ᠠᠴᠠ ᠮᠡᠷᠭᠡᠵᠢᠯ ᠤᠨ ᠪᠣᠯᠪᠠᠰᠤᠷᠠᠯ  ᠬᠢᠬᠦ  ᠶᠢ ᠬᠠᠷᠢᠭᠤᠴᠠᠨ᠎ᠠ᠃ ᠰᠤᠷᠤᠯᠭ᠎ᠠ ᠪᠠᠨ ᠲᠡᠭᠦᠰᠬᠡᠭᠰᠡᠨ ᠤ ᠳᠠᠷᠠᠭ᠎ᠠ᠂ ᠪᠦᠲᠦᠭᠡᠭᠳᠡᠬᠦᠨ ᠢᠶᠠᠨ ᠭᠡᠷ ᠲᠡᠭᠡᠨ ᠠᠪᠠᠴᠢᠵᠤ ᠬᠢᠵᠦ ᠪᠣᠯᠤᠨ᠎ᠠ᠂ ᠡᠨᠡ ᠨᠢ ᠭᠡᠷ ᠤᠨ ᠠᠵᠢᠯ ᠬᠢᠬᠦ᠂ ᠲᠠᠷᠢᠶᠠᠨ ᠠᠵᠢᠯ ᠬᠢᠬᠦ᠂ ᠬᠡᠦᠬᠡᠳ ᠢᠶᠠᠨ ᠬᠠᠷᠠᠵᠤ ᠬᠠᠷᠠᠭᠠᠯᠵᠠᠬᠤ ᠶᠢ ᠨᠥᠯᠥᠭᠡᠯᠡᠬᠦ ᠦᠭᠡᠶ᠂  ᠰᠠᠷ᠎ᠠ ᠪᠦᠷᠢ 3000 ᠲᠥᠭᠦᠷᠢᠭ ᠠᠴᠠ 6000 ᠲᠥᠭᠦᠷᠢᠭ ᠤᠨ ᠣᠷᠣᠯᠭ᠎ᠠ  ᠲᠠᠢ ᠪᠣᠯᠤᠨ᠎ᠠ᠃            ᠨᠠᠨᠮᠤ ᠶᠢᠨ ᠣᠷᠴᠣᠨ ᠤ ᠦᠨᠳᠦᠰᠦᠲᠡᠨ ᠤ ᠰᠢᠶᠠᠩ ᠳᠤ ᠲᠣᠰ ᠤᠳᠠᠭᠠᠨ ᠤ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠶᠢ ᠥᠷᠨᠢᠭᠦᠯᠦᠭᠰᠡᠨ ᠨᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ ᠥᠷᠨᠢᠭᠦᠯᠦᠭᠰᠡᠨ ᠨᠢᠭᠡ ᠤᠳᠠᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ᠎ᠠ᠃ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠡᠮᠡᠭᠲᠡᠶᠢᠴᠦᠳ ᠲᠤ ᠮᠡᠷᠭᠡᠵᠢᠯ ᠤᠨ ᠳᠡᠮᠵᠢᠯᠭᠡ ᠬᠠᠩᠭᠠᠵᠤ᠂ ᠬᠥᠳᠡᠭᠡ ᠲᠣᠰᠬᠤᠨ ᠤ ᠡᠮᠡᠭᠲᠡᠶᠢᠴᠦᠳ ᠤᠨ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠬᠥᠳᠡᠭᠡ ᠲᠣᠰᠬᠤᠨ ᠤ ᠡᠮᠡᠭᠲᠡᠶᠢᠴᠦᠳ ᠢ ᠬᠠᠪᠰᠤᠷᠤᠨ ᠣᠷᠣᠯᠭ᠎ᠠ ᠶᠢ ᠨᠢ  ᠨᠡᠮᠡᠭᠳᠡᠭᠦᠯᠦᠨ᠎ᠡ᠃    
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号