ᠸᠠ ᠳ᠋ᠢ ᠰᠢᠶᠠᠩ᠄ ︽ᠲᠠᠷᠢᠶᠠᠨ ᠳᠣᠮᠳᠠᠬᠢ︾  ᠡᠶᠡᠳᠡᠭᠦᠯᠬᠦ ᠲᠠᠰᠤᠭ ᠠᠷᠠᠳ ᠲᠦᠮᠡᠨ ᠳᠤ  ᠪᠠᠨ ᠦᠢᠯᠡᠴᠢᠯᠡᠬᠦ ᠳᠤ ︽ᠵᠠᠶ ᠥᠬᠡᠶ︾ ᠪᠠᠶᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/5/12
      ᠣᠳᠣᠬᠠᠨ ᠳᠤ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠸᠠ ᠳ᠋ᠢ ᠰᠢᠶᠠᠩ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠶᠢ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠲᠠᠢ ᠣᠷᠭᠠᠨᠢᠭ ᠢᠶᠠᠷ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠪᠠᠷ ᠠᠴᠢᠶᠠᠯᠠᠪᠤᠷᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ︽ᠬᠠᠯᠠᠮᠰᠢᠯ ᠠᠰᠠᠭᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠣᠰᠬᠤᠨ ᠢ ︽ᠲᠠᠷᠢᠶᠠᠨ  ᠳᠣᠮᠳᠠᠬᠢ︾  ᠡᠶᠡᠳᠡᠭᠦᠯᠬᠦ ᠲᠠᠰᠤᠭ ᠪᠠᠶᠢᠭᠤᠯᠬᠤ ᠶᠢ ᠱᠠᠭᠠᠷᠳᠠᠵᠤ᠂ ᠡᠯ᠎ᠡ ᠲᠣᠰᠬᠤᠨ ᠤ ᠨᠠᠮ ᠤᠨ ᠭᠡᠰᠢᠭᠦᠨ ᠪᠣᠯᠤᠨ ᠬᠥᠳᠡᠭᠡ ᠲᠣᠰᠬᠤᠨ ᠤ ᠺᠠᠳ᠋ᠷᠴᠤᠳ ᠢ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠦᠢᠯᠡᠴᠢᠯᠡᠭᠴᠢ︾ ᠪᠤᠯᠵᠤ᠂ ᠪᠣᠳᠠᠲᠠᠢ ᠠᠷᠭ᠎ᠠ ᠭᠠᠷᠭᠠᠵᠤ ᠪᠣᠳᠠᠲᠠᠢ ᠠᠵᠢᠯ ᠬᠢᠵᠦ᠂ ︽ᠰᠤᠷᠤᠯᠴᠠᠯᠭ᠎ᠠ ᠶᠢᠨ ᠦᠷ᠎ᠡ ᠪᠦᠲᠦᠮᠵᠢ︾ ᠶᠢ ᠦᠨᠡᠨᠬᠦ ︽ᠠᠷᠠᠳ ᠲᠦᠮᠡᠨ ᠳᠤ ᠦᠢᠯᠡᠴᠢᠯᠡᠬᠦ︾ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ  ᠣᠷᠢᠶᠠᠯᠠᠨ᠎ᠠ᠃            ᠭᠠᠵᠠᠷ ᠰᠢᠷᠣᠶ ᠪᠣᠯ ᠲᠠᠷᠢᠶᠠᠴᠢᠳ ᠤᠨ ᠠᠮᠢᠳᠤᠷᠠᠯ ᠤᠨ ᠬᠠᠮᠤᠭ ᠤᠨ ᠦᠨᠳᠦᠰᠦᠨ ᠪᠠᠲᠤᠯᠠᠭ᠎ᠠ ᠮᠥᠨ᠂ ᠬᠥᠳᠡᠭᠡ ᠲᠣᠰᠬᠤᠨ ᠤ ᠲᠣᠭᠲᠠᠭᠤᠨ ᠪᠠᠶᠢᠬᠤ ᠶᠢᠨ ᠰᠠᠭᠤᠷᠢ ᠮᠥᠨ᠃ ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠳᠤ ᠭᠠᠵᠠᠷ ᠰᠢᠷᠣᠶ ᠶᠢᠨ ᠵᠥᠷᠢᠴᠡᠯ ᠵᠢᠭᠤᠷᠠᠯᠳᠤᠭᠠᠨ  ᠲᠦᠷᠭᠡᠨ ᠨᠡᠮᠡᠭᠳᠡᠵᠦ᠂ ᠭᠠᠵᠠᠷ ᠰᠢᠷᠣᠶ ᠶᠢᠨ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠬᠦ ᠨᠢ ᠥᠷᠭᠡᠨ ᠤᠯᠠᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠬᠤ ᠪᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠤ ᠦᠢᠯᠡᠳᠪᠦᠷᠢᠯᠡᠯ ᠤᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ  ᠬᠤᠯᠪᠣᠭᠳᠠᠨ᠎ᠠ᠃  ᠸᠠ ᠳ᠋ᠢ ᠰᠢᠶᠠᠩ ᠣᠳᠣᠬᠠᠨ ᠤ ᠬᠥᠳᠡᠭᠡ ᠲᠣᠰᠬᠤᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ︽ᠡᠶ᠎ᠡ ᠨᠠᠶᠢᠷᠠᠮᠳᠠᠭᠤ ᠪᠠᠶᠢᠬᠤ ᠶᠢ ᠡᠷᠬᠢᠮᠯᠡᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂︽ᠲᠠᠷᠢᠶᠠᠨ ᠳᠣᠮᠳᠠᠬᠢ ︾  ᠡᠶᠡᠳᠡᠭᠦᠯᠬᠦ ᠲᠠᠰᠤᠭ  ᠪᠠᠶᠢᠭᠤᠯᠵᠤ᠂ ᠲᠣᠰᠬᠤᠨ ᠢ ᠳᠠᠭᠠᠭᠠᠴᠢᠯᠠᠬᠤ ᠠᠵᠢᠯ ᠤᠨ ᠳᠤᠭᠤᠶᠢᠯᠠᠩ ᠪᠣᠯᠤᠨ ᠲᠣᠰᠬᠤᠨ ᠤ ᠺᠠᠳ᠋ᠷ ᠢ ᠵᠣᠬᠢᠶᠠᠨ ᠪᠠᠶᠢᠭᠤᠯᠵᠤ ᠰᠠᠨᠠᠭᠠᠴᠢᠯᠠᠭ᠎ᠠ ᠠᠴᠠ ᠪᠠᠨ ᠲᠠᠷᠢᠶᠠᠨ ᠭᠠᠵᠠᠷ ᠲᠤ ᠣᠴᠢᠭᠤᠯᠵᠤ᠂ GPS ᠣᠷᠣᠨ ᠪᠠᠶᠢᠷᠢ ᠲᠣᠭᠲᠠᠭᠠᠬᠤ ᠲᠥᠬᠦᠭᠡᠷᠦᠮᠵᠢ ᠪᠣᠯᠤᠨ ᠮᠧᠲᠷ ᠬᠡᠮᠵᠢᠯᠲᠡ ᠪᠠᠷ ᠬᠤᠶᠠᠷ ᠲᠠᠯ᠎ᠠ ᠶᠢᠨ  ᠮᠠᠷᠭᠤᠭᠠᠨ ᠪᠣᠯᠣᠭᠰᠠᠨ ᠮᠦ ᠶᠢᠨ ᠲᠤᠭ᠎ᠠ ᠶᠢ ᠲᠤᠬᠠᠢ ᠶᠢᠨ ᠭᠠᠵᠠᠷ ᠲᠤᠨᠢ ᠬᠡᠮᠵᠢᠬᠦ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠬᠡ ᠳᠠᠩᠰᠠ ᠶᠢ ᠪᠠᠶᠢᠴᠠᠭᠠᠨ ᠦᠵᠡᠬᠦ᠂ ᠬᠥᠷᠰᠢ ᠵᠡᠷᠭᠡᠯᠡᠳᠡᠭᠡ  ᠠᠴᠠ ᠨᠢ ᠯᠠᠪᠯᠠᠨ ᠠᠰᠠᠭᠤᠬᠤ ᠂  ᠵᠣᠬᠢᠴᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠠᠭᠤᠷᠠᠯᠳᠤᠭᠠᠨ ᠤ ᠬᠡᠷᠡᠭ ᠢ ᠲᠣᠬᠢᠲᠠᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠥᠷᠢᠴᠡᠯ ᠰᠢᠷᠦᠭᠦᠰᠬᠦ ᠠᠴᠠ ᠵᠠᠶᠢᠯᠠᠰᠬᠢᠵᠦ᠂ ᠪᠦᠬᠦ ᠰᠢᠶᠠᠩ ᠤᠨ  ᠨᠡᠶᠢᠭᠡᠮ ᠤᠨ ᠣᠷᠴᠢᠨ ᠲᠣᠭᠤᠷᠢᠨ  ᠤ ᠡᠶ᠎ᠡ ᠵᠣᠬᠢᠴᠠᠩᠭᠤᠢ ᠶᠢ ᠪᠠᠲᠣᠯᠠᠵᠣ᠂ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠠᠢ᠃  ᠣᠲᠣ ᠪᠣᠯᠲᠠᠯ᠎ᠠ᠂ ᠸᠠ ᠳ᠋ᠢ ᠰᠢᠶᠠᠩ ᠨᠢᠭᠡᠨᠲᠡ 60 ᠭᠠᠷᠤᠶ ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠪᠠᠷ  ᠰᠢᠢᠳᠪᠦᠷᠢᠯᠡᠵᠦ᠂ ᠣᠯᠠᠨ ᠲᠦᠮᠡᠨ ᠤ ︽ᠵᠣᠪᠠᠨᠢᠯ︾ ᠢ  ᠦᠨᠳᠦᠰᠦᠨ ᠠᠴᠠ ᠨᠢ ᠰᠢᠢᠳᠪᠦᠷᠢᠯᠡᠵᠦ᠂ ᠣᠯᠠᠨ ᠲᠦᠮᠡᠨ ᠤ ︽ᠬᠦᠰᠡᠯ︾ ᠳᠤ ᠬᠠᠷᠢᠭᠤ ᠥᠭᠴᠦ᠂ ᠬᠠᠪᠤᠷ ᠤᠨ ᠲᠠᠷᠢᠶᠠᠯᠠᠭ᠎ᠠ ᠶᠢᠨ ︽ᠲᠣᠬᠢᠶᠠᠯ︾ ᠢ ᠠᠳᠬᠤᠭᠰᠠᠨ ᠪᠠᠶᠢᠨ᠎ᠠ᠃          ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ᠂  ᠮᠡᠳᠡᠬᠦ ᠬᠢᠬᠦ ᠶᠢ ᠨᠢᠭᠡᠳᠬᠡᠬᠦ ᠪᠣᠯ ᠵᠠᠩᠭᠢᠯᠠᠭ᠎ᠠ ᠪᠣᠯᠤᠨ᠎ᠠ᠃ ᠸᠠ ᠳ᠋ᠢ ᠰᠢᠶᠠᠩ ᠦᠷᠭᠦᠯᠵᠢᠯᠡᠨ ᠲᠡᠦᠬᠡ ᠰᠤᠷᠴᠤ   ᠦᠢᠯᠡᠳᠦᠯᠭᠡᠵᠢᠭᠦᠯᠵᠦ᠂    ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠵᠦ᠂ ︽ᠠᠷᠭ᠎ᠠ ᠪᠦᠬᠦᠨ ᠢ ᠰᠦᠪᠡᠭᠴᠢᠯᠡᠬᠦ︾ ᠪᠠᠷ ᠤᠯᠠᠨ ᠲᠦᠮᠡᠨ ᠤ ᠶᠡᠭᠡ ᠶᠠᠪᠤᠳᠠᠯ ᠪᠠᠭ᠎ᠠ ᠶᠠᠪᠤᠳᠠᠯ  ᠳᠡᠷᠭᠡᠳᠡᠬᠢ ᠶᠠᠪᠤᠳᠠᠯ ᠢ ᠰᠠᠶᠢᠲᠤᠷ ᠰᠢᠢᠳᠪᠦᠷᠢᠯᠡᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ  ᠪᠡᠶᠡᠯᠡᠭᠦᠯᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ  ᠰᠢᠶᠠᠩ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠠᠲᠤᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号