ᠪᠦᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/5/13
   
        5 ᠰᠠᠷ᠎ᠠ ᠶᠢᠨ 12      ᠤᠨ ᠡᠳᠦᠷ᠂ ᠪᠦᠬᠦ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠷᠠᠯ ᠠᠴᠠ ᠪᠦᠬᠦ ᠣᠷᠣᠨ᠂ ᠬᠥᠯᠥᠨ ᠪᠤᠶᠢᠷ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠲᠠᠬᠢᠨ ᠨᠠᠶᠢᠳᠠᠪᠤᠷᠢᠵᠢᠭᠤᠯᠪᠠ᠃  ᠬᠤᠳᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠯᠢ ᠱᠦ᠋ ᠶᠠᠨ᠂ ᠢᠦᠢ ᠫᠢᠩ ᠵᠡᠷᠭᠡ ᠬᠤᠳᠠ ᠶᠢᠨ ᠤᠳᠤᠷᠢᠳᠤᠯᠭ᠎ᠠ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠠᠶ  ᠲᠢᠶᠧ ᠵᠦ᠋ ᠬᠤᠷᠠᠯ ᠢ ᠡᠷᠭᠢᠯᠡᠪᠡ᠃          ᠬᠥᠯᠥᠨ ᠪᠤᠶᠢᠷ ᠬᠤᠳᠠ ᠶᠢᠨ ᠨᠠᠮ ᠤᠨ  ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠠᠵᠢᠯ ᠢᠶᠠᠨ ᠵᠢᠯᠣᠭᠤᠳᠴᠤ᠂ ᠵᠢᠯᠣᠭᠤᠳᠬᠤ ᠳᠤᠭᠤᠶᠢᠯᠠᠩ ᠤᠨ ᠳᠠᠷᠤᠭ᠎ᠠ ᠹᠠᠨ ᠴᠦᠨ ᠵᠢᠩ ᠮᠠᠨ ᠤ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠥᠪ ᠣᠨᠣᠪᠴᠢᠲᠠᠢ ᠵᠢᠭᠠᠨ ᠭᠠᠷᠭᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃         ᠵᠢᠶᠤᠤ ᠭᠠᠩ ᠸᠧᠶ ᠴᠢᠬᠤᠯᠠᠴᠢᠯᠠᠬᠤ ᠳᠠᠭᠠᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠷᠢᠰ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠢᠮᠠᠭᠲᠠ ᠤᠯᠤᠰ ᠲᠦᠷᠦ ᠶᠢᠨ  ᠦᠨᠳᠦᠷᠴᠡ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠲᠠᠨᠢᠵᠤ᠂ ᠰᠤᠷᠤᠯᠴᠠᠯᠭ᠎ᠠ ᠤᠬᠠᠭᠤᠯᠭ᠎ᠠ ᠶᠢᠨ ᠥᠷᠨᠢᠯᠲᠡ ᠶᠢ ᠤᠯᠠᠮ ᠨᠢᠭᠡ ᠠᠯᠬᠤᠮ  ᠡᠭᠦᠰᠭᠡᠵᠦ᠂ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠨᠡᠩ ᠥᠨᠳᠥᠷ᠂ ᠦᠷ᠎ᠡ ᠪᠦᠲᠦᠮᠵᠢ ᠨᠡᠩ ᠰᠠᠶᠢᠨ ᠪᠠᠶᠢᠬᠤ ᠶᠢ ᠪᠠᠲᠤᠯᠠᠵᠤ᠂ ᠲᠡᠦᠬᠡ ᠶᠢ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠶᠢ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠴᠤ  ᠦᠢᠯᠡᠳᠦᠯᠭᠡᠵᠢᠭᠦᠯᠬᠦ ᠬᠡᠷᠡᠭᠲᠡᠢ᠃ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠭᠤᠷᠪᠠ ᠶᠢ ᠠᠰᠠᠭᠤᠬᠤ︾᠂ ︽ᠠᠷᠠᠳ ᠤᠨ ᠬᠦᠴᠢᠷ ᠠᠰᠠᠭᠤᠳᠠᠯ ᠢ  ᠰᠢᠢᠳᠪᠦᠷᠢᠯᠡᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾᠂ ︽ᠪᠢ ᠴᠢᠮᠠᠳᠤ ᠬᠠᠪᠰᠤᠷᠤᠨ᠎ᠠ︾ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠲᠠᠪᠤ ᠳᠤ  ᠬᠦᠴᠦᠯᠡᠵᠦ  ᠪᠣᠲᠠᠲᠣ ᠠᠵᠢᠯ ᠬᠢᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠰᠡᠳᠬᠢᠯ ᠲᠠᠯᠪᠢᠵᠤ ᠬᠦᠴᠦ ᠲᠠᠯᠪᠢᠨ  ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠠᠶᠢᠨ ᠡᠬᠢᠯᠡᠯᠲᠡ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠵᠤ᠂ ︽ᠴᠢᠩᠭ᠎ᠠ᠂ ᠪᠣᠳᠠᠲᠠᠢ︾ ᠱᠠᠭᠠᠷᠳᠠᠯᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ  ᠴᠢᠨᠠᠷ  ᠰᠠᠶᠢᠲᠠᠢ ᠪᠠᠷ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠡᠩ ᠭᠦᠨᠵᠡᠭᠡᠢ ᠨᠡᠩ ᠪᠣᠳᠠᠲᠠᠢ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠦᠨᠡᠨᠬᠦ ᠪᠡᠶᠡᠯᠡᠭᠦᠯᠵᠦ᠂ ᠵᠠᠯᠠᠨ ᠠᠶᠢᠯ ᠤᠨ ᠪᠣᠬᠢᠷᠲᠤᠯ ᠦᠭᠡᠢ ᠰᠡᠷᠭᠦᠨ  ᠮᠠᠨᠳᠣᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃           ᠬᠤᠷᠠᠯ ᠳᠡᠭᠡᠷ᠎ᠡ᠂  ᠸᠧ ᠨᠢᠦ ᠾᠧ ᠪᠠᠯᠭᠠᠰᠤ᠂ ᠰᠤᠷᠭᠠᠨ ᠬᠥᠮᠦᠵᠢᠯ ᠤᠨ  ᠲᠣᠪᠴᠢᠶ᠎ᠠ᠂  ᠬᠢᠲᠠᠳ ᠮᠣᠩᠭᠤᠯ ᠤᠨ ᠡᠮᠨᠡᠯᠭᠡ ᠶᠢᠨ  ᠬᠤᠷᠢᠶ᠎ᠠ᠂ ᠹᠦ᠋ ᠹᠧᠩ ᠺᠣᠮᠫᠠᠨᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号