ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠶᠢᠨ ᠦᠨᠳᠦᠰᠦᠨ ᠱᠠᠲᠤᠨ ᠤ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/5/13
     
          5 ᠳ᠋ᠤᠭᠠᠷ ᠰᠠᠷ᠎ᠠ ᠶᠢᠨ 10      ᠤ ᠡᠳᠦᠷ ᠠᠴᠠ 11      ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠠᠩ ᠬᠤᠩ ᠶᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠳᠤ ᠭᠦᠨᠵᠡᠭᠡᠶᠢᠷᠡᠨ ᠂ ︽ᠦᠨᠳᠦᠰᠦᠨ ᠱᠠᠲᠤᠨ ᠤ ᠬᠢᠲᠠᠳ  ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ︾ ᠲᠣᠭᠤᠷᠢᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠵᠠᠯᠠᠨ ᠠᠶᠢᠯ ᠬᠤᠳᠠ ᠶᠢᠨ ᠤᠳᠤᠷᠢᠳᠤᠯᠭ᠎ᠠ ᠢᠦᠢ ᠫᠢᠩ᠂ ᠵᠠᠩ ᠸᠧᠢ ᠵᠢᠶᠦ᠋ᠨ᠂ ᠯᠢᠦ ᠱᠢ ᠶᠦᠩ ᠲᠤᠰ ᠲᠤᠰ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ  ᠸᠧ ᠨᠢᠦ ᠾᠧ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠩ ᠬᠤᠸᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ᠂ ᠬᠢᠲᠠᠳ ᠮᠣᠩᠭᠤᠯ  ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠭᠦᠨᠵᠡᠭᠡᠶᠢᠷᠡᠨ᠂ ᠮᠠᠨ ᠤ ᠬᠤᠲᠠ ᠶᠢᠨ ᠦᠨᠳᠦᠰᠦᠨ ᠱᠠᠲᠤᠨ ᠤ ᠬᠢᠲᠠᠳ  ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠵᠢᠴᠢ ᠮᠠᠨ ᠤ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮᠨᠡᠯᠭᠡ᠂ ᠮᠣᠩᠭᠤᠯ ᠡᠮᠨᠡᠯᠭᠡ ᠶᠢᠨ ᠣᠨᠣᠰᠢᠯᠠᠨ ᠡᠮᠨᠡᠬᠦ ᠬᠡᠮᠵᠢᠶ᠎ᠡ ᠪᠠ ᠡᠮᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠤᠨᠴᠠᠯᠢᠭᠳᠤ ᠡᠮᠴᠢᠯᠡᠭᠡᠨ ᠤ ᠠᠷᠭ᠎ᠠ  ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠨ ᠣᠶᠢᠯᠠᠭᠠᠪᠠ᠃          ᠳᠠᠷᠠᠭ᠎ᠠ ᠪᠠᠷ  ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠯᠠᠨ ᠠᠶᠢᠯ ᠬᠤᠲᠠ ᠶᠢᠨ ᠦᠨᠳᠦᠰᠦᠨ ᠱᠠᠲᠤᠨ ᠤ ᠬᠢᠲᠠᠳ ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠯᠠᠨ ᠠᠶᠢᠯ ᠬᠤᠲᠠ ᠶᠢᠨ ᠦᠨᠳᠦᠰᠦᠨ ᠱᠠᠲᠤᠨ ᠤ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ  ᠭᠦᠢᠴᠡᠳ ᠨᠤᠲᠠᠯᠠᠬᠤ ᠶᠢᠨ ᠬᠠᠮᠲᠤ ᠮᠠᠨ ᠤ ᠬᠤᠲᠠ ᠶᠢᠨ ᠦᠨᠳᠦᠰᠦᠨ ᠱᠠᠲᠤᠨ ᠤ ᠬᠢᠲᠠᠳ  ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠳᠤ ᠵᠢᠯᠣᠭᠤᠳᠬᠤ ᠰᠠᠨᠠᠯ ᠳᠤᠷᠠᠳᠪᠠ᠃         ᠪᠠᠶᠢᠴᠠᠭᠠᠨ ᠰᠤᠳᠤᠯᠬᠤ ᠳᠤᠭᠤᠶᠢᠯᠠᠩ ᠤᠨ ᠱᠠᠭᠠᠷᠳᠠᠭᠰᠠᠨ ᠢᠶᠠᠷ᠂ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠠᠵᠢᠯ ᠳᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠢᠲᠠᠳ ᠮᠣᠩᠭᠤᠯ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠦᠷᠭᠦᠯᠵᠢᠯᠡᠨ ᠶᠡᠬᠡᠪᠡᠷ ᠠᠬᠢᠭᠤᠯᠵᠤ᠂ ᠦᠨᠳᠦᠰᠦᠨ ᠱᠠᠲᠤᠨ ᠤ ᠬᠢᠲᠠᠳ  ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢ ᠬᠦᠴᠦᠷᠬᠡᠭᠵᠢᠭᠦᠯᠦᠨ ᠪᠣᠳᠠᠲᠠᠶᠢᠵᠢᠭᠤᠯᠵᠤ᠂ ᠬᠢᠲᠠᠳ  ᠮᠣᠩᠭᠤᠯ ᠡᠮ ᠡᠮᠨᠡᠯᠭᠡ ᠶᠢᠨ ᠠᠵᠤ  ᠦᠢᠯᠡᠰ ᠢ ᠶᠡᠬᠡᠪᠡᠷ ᠬᠥᠭᠵᠢᠭᠦᠯᠵᠦ᠂ ᠬᠢᠲᠠᠳ  ᠮᠣᠩᠭᠤᠯ ᠡᠮ ᠡᠮᠨᠡᠯᠭᠡ ᠶᠢᠨ ᠦᠢᠯᠡᠰ ᠤᠨ  ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠢᠲᠠᠳ ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠢᠲᠠᠳ ᠮᠣᠩᠭᠤᠯ ᠡᠮ ᠡᠮᠨᠡᠯᠭᠡ ᠵᠢᠨ‌ᠦᠢᠯᠡᠴᠢᠯᠡᠭᠡᠨ ᠤ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠂ ᠣᠯᠠᠨ ᠲᠦᠮᠡᠨ ᠳᠤ ᠲᠥᠬᠦᠮ ᠦᠵᠡᠭᠦᠯᠵᠦ ᠂ ᠠᠷᠠᠳ ᠣᠯᠠᠨ ᠳᠤ ᠠᠰᠢᠭ ᠬᠦᠷᠲᠡᠭᠡᠵᠦ᠂ ᠠᠷᠠᠳ ᠣᠯᠠᠨ ᠳᠤ ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠦᠨ᠎ᠡ  ᠃  ᠣᠳᠣᠬᠠᠨ ᠤ ᠪᠠᠨ ᠰᠠᠭᠤᠷᠢᠨ ᠳᠡᠭᠡᠷ᠎ᠡ ᠦᠨᠳᠦᠰᠦᠨ ᠱᠠᠲᠤᠨ ᠤ ᠬᠢᠲᠠᠳ  ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠶᠡᠬᠡᠪᠡᠷ ᠠᠬᠢᠭᠤᠯᠵᠤ᠂ ᠦᠨᠳᠦᠰᠦᠨ ᠱᠠᠲᠤᠨ ᠤ ᠬᠢᠲᠠᠳ ᠮᠣᠩᠭᠤᠯ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠬᠢᠲᠠᠳ  ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠦᠨᠳᠦᠰᠦᠨ ᠱᠠᠲᠤᠨ ᠤ ᠬᠢᠲᠠᠳ ᠮᠣᠩᠭᠤᠯ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠳᠤ ᠦᠨᠡᠨᠬᠦ ᠪᠣᠳᠠᠲᠤ ᠠᠰᠢᠭ ᠬᠦᠷᠲᠡᠭᠡᠬᠦ ᠬᠡᠷᠡᠭᠲᠡᠶ  ᠭᠡᠵᠡᠢ᠃      
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号