ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ  ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠵᠠᠯᠠᠨ ᠠᠶᠢᠯ ᠬᠤᠲᠠ ᠳᠤ ᠭᠦᠨᠵᠡᠭᠡᠶᠢᠷᠡᠨ ︽2021 ᠶᠡᠭᠡ ᠬᠠᠶᠢᠷ᠎ᠠ ᠤᠮᠠᠷᠠᠲᠤ ᠬᠢᠯᠢ ᠳᠤ  ᠡᠷᠡᠭᠦᠯᠵᠢᠬᠦ ᠶᠢ ᠲᠤᠰᠠᠯᠠᠵᠤ ᠬᠦᠰᠡᠯ ᠵᠡᠭᠦᠳᠦ ᠶᠢ ᠲᠡᠷᠭᠡᠯᠰᠢᠭᠦᠯᠦᠨ᠎ᠡ — ᠨᠢᠭᠦᠯᠡᠰᠦᠩᠭᠦᠶ ᠦᠢᠯᠡᠰ ᠤᠨ ᠲᠠᠯ᠎ᠠ ᠨᠤᠲᠤᠭ ᠤᠨ ᠠᠶᠠᠯᠠᠯ︾ ᠤᠨ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/5/13
       
     ᠪᠦᠬᠦ ᠤᠯᠤᠰ ᠤᠨ ᠭᠤᠴᠢᠨ ᠨᠢᠭᠡᠳᠦᠭᠡᠷ ᠤᠳᠠᠭ᠎ᠠ ᠶᠢᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠬᠠᠮᠲᠤᠪᠠᠷ ︽2021 ᠶᠡᠭᠡ ᠬᠠᠶᠢᠷ᠎ᠠ ᠤᠮᠠᠷᠠᠲᠤ ᠬᠢᠯᠢ ᠳᠤ  ᠡᠷᠡᠭᠦᠯᠵᠢᠬᠦ ᠶᠢ ᠲᠤᠰᠠᠯᠠᠵᠤ ᠬᠦᠰᠡᠯ ᠵᠡᠭᠦᠳᠦ ᠶᠢ ᠲᠡᠷᠭᠡᠯᠰᠢᠭᠦᠯᠦᠨ᠎ᠡ — ᠨᠢᠭᠦᠯᠡᠰᠦᠩᠭᠦᠶ ᠦᠢᠯᠡᠰ ᠤᠨ ᠲᠠᠯ᠎ᠠ ᠨᠤᠲᠤᠭ ᠤᠨ ᠠᠶᠠᠯᠠᠯ︾  ᠤᠨ ᠰᠠᠶᠢᠨ ᠳᠤᠷ᠎ᠠ ᠶᠢᠨ  ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠥᠷᠨᠢᠭᠦᠯᠵᠡᠢ᠃ 5 ᠳ᠋ᠤᠭᠠᠷ ᠰᠠᠷ᠎ᠠ ᠶᠢᠨ 1 1     ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ 5 ᠬᠥᠮᠦᠨ ᠵᠠᠯᠠᠨ ᠠᠶᠢᠯ ᠬᠤᠲᠠ ᠳᠤ ᠬᠦᠷᠴᠦ ᠲᠥᠷᠥᠯ  ᠵᠦᠢᠯ ᠤᠨ ᠪᠠᠶᠢᠴᠠᠭᠠᠨ ᠰᠤᠳᠤᠯᠤᠯᠲᠠ ᠬᠢᠵᠦ᠂ ᠵᠠᠯᠠᠨ ᠠᠶᠢᠯ ᠬᠤᠲᠠ ᠶᠢᠨ ᠤᠳᠤᠷᠢᠳᠤᠯᠭ᠎ᠠ  ᠪᠣᠯᠣᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃          ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ  ᠹᠠᠨ ᠷᠥᠩ ᠬᠡᠷᠡᠭ ᠡᠷᠬᠢᠯᠡᠬᠦ ᠭᠠᠵᠠᠷ ᠤᠨ ᠰᠢᠶᠤᠤ ᠰᠢ ᠨᠡᠶᠢᠭᠡᠮ ᠲᠣᠭᠤᠷᠢᠭ ᠤᠨ ᠤᠶᠤᠨ ᠮᠡᠳᠡᠷᠡᠯ ᠤᠨ ᠵᠡᠮᠳᠡᠭᠴᠦᠳ᠂ ᠵᠧᠩ ᠶᠠᠩ ᠵᠡᠭᠡᠯᠢ ᠭᠤᠳᠤᠮᠵᠢ ᠶᠢᠨ ᠶᠦᠩ ᠠᠨ ᠨᠡᠶᠢᠭᠡᠮ ᠲᠣᠭᠤᠷᠢᠭ ᠤᠨ ᠵᠡᠮᠳᠡᠭ ᠬᠥᠮᠦᠨ ᠤ ᠭᠡᠷ ᠲᠤ ᠬᠦᠷᠴᠦ᠂ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠪᠤᠳᠤᠯ ᠬᠦᠰᠡᠯ ᠢ ᠣᠶᠢᠯᠠᠭᠠᠪᠠ᠃         ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠵᠡᠮᠳᠡᠭ ᠬᠡᠦᠬᠡᠳ ᠤᠨ ᠡᠷᠡᠭᠦᠯᠵᠢᠯ ᠤᠨ ᠲᠥᠪ᠂ ᠵᠠᠯᠠᠨ ᠠᠶᠢᠯ ᠬᠤᠳᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ ᠡᠷᠡᠭᠦᠯᠵᠢᠵᠦ ᠪᠠᠶᠢᠭ᠎ᠠ ᠵᠡᠮᠳᠡᠭ ᠬᠡᠦᠬᠡᠳ ᠢ ᠪᠣᠯᠭᠤᠭᠠᠨ ᠦᠵᠡᠪᠡ᠃ ᠡᠷᠡᠭᠦᠯᠵᠢᠯ ᠤᠨ ᠲᠠᠯᠠᠪᠠᠶ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠲᠥᠷᠥᠯ ᠤᠨ ᠪᠣᠯᠪᠠᠰᠤᠷᠠᠯ ᠤᠨ ᠴᠢᠳᠠᠮᠵᠢ ᠶᠢᠨ ᠲᠠᠰᠤᠭ ᠢ ᠲᠣᠭᠤᠷᠢᠨ ᠦᠵᠡᠵᠦ᠂ ᠵᠡᠮᠳᠡᠭ ᠬᠡᠤᠬᠡᠳ ᠤᠨ ᠡᠷᠡᠭᠦᠯᠵᠢᠯ ᠤᠨ ᠪᠣᠯᠪᠠᠰᠤᠷᠠᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠦᠵᠡᠵᠦ᠂ ᠵᠡᠮᠳᠡᠭ ᠬᠡᠤᠬᠡᠳ ᠤᠨ ᠡᠷᠡᠭᠦᠯᠵᠢᠯ ᠤᠨ ᠪᠣᠯᠪᠠᠰᠤᠷᠠᠯ ᠤᠨ ᠪᠠᠶᠢᠳᠠᠯ ᠢ ᠣᠶᠢᠯᠠᠭᠠᠪᠠ︔ ᠡᠷᠡᠭᠦᠯᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠡᠮᠳᠡᠭ ᠬᠡᠦᠬᠡᠳ ᠤᠨ ᠡᠷᠡᠭᠦᠯᠵᠢᠯ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃           ᠪᠣᠯᠣᠷ ᠢᠯᠡᠷᠬᠡᠶᠢᠯᠡᠬᠦ ᠳᠡᠭᠡᠨ᠂ ᠵᠠᠯᠠᠨ ᠠᠶᠢᠯ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠡᠯ᠎ᠡ ᠲᠥᠷᠥᠯ  ᠵᠦᠢᠯ ᠤᠨ ᠱᠠᠭᠠᠷᠳᠠᠯᠭ᠎ᠠ ᠶᠢ ᠰᠠᠶᠢᠲᠤᠷ ᠵᠣᠬᠢᠴᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠨ᠂ ᠵᠡᠮᠳᠡᠭᠴᠦᠳ ᠲᠤ ᠦᠨᠡᠨᠬᠦ ᠢᠯᠡᠭᠦᠬᠡᠨ ᠠᠰᠠᠷᠠᠮᠵᠢ ᠣᠯᠭᠤᠵᠤ᠂ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠢ ᠬᠠᠯᠠᠮᠵᠢᠯᠠᠬᠤ᠂ ᠵᠡᠮᠳᠡᠭᠴᠦᠳ ᠤᠨ  ᠦᠢᠯᠡᠰ ᠤᠨ ᠬᠥᠭᠵᠢᠯᠲᠡ ᠶᠢ ᠳᠡᠮᠵᠢᠬᠦ  ᠣᠷᠴᠢᠨ  ᠠᠬᠤᠢ  ᠶᠢ ᠪᠣᠢ ᠪᠣᠯᠭᠠᠵᠣ᠂ ᠵᠡᠮᠳᠡᠭᠴᠦᠳ ᠤᠨ ᠡᠷᠡᠭᠦᠯᠵᠢᠭᠦᠯᠬᠦ  ᠦᠢᠯᠡᠴᠢᠯᠡᠭᠡᠨ ᠤ  ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠵᠡᠶ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号