ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ  ᠵᠠᠯᠠᠨ ᠠᠶᠢᠯ ᠬᠤᠲᠠ ᠳᠤ ᠬᠦᠷᠴᠦ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/5/13
     
      5 ᠳ᠋ᠤᠭᠠᠷ ᠰᠠᠷ᠎ᠠ ᠶᠢᠨ 11      ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ  ᠰᠠᠶᠢᠨᠲᠣ ᠪᠠᠷ ᠳᠤᠭᠤᠶᠢᠯᠠᠩ ᠤᠨ ᠳᠠᠷᠤᠭ᠎ᠠ  ᠪᠣᠯᠣᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠳᠤ ᠬᠦᠷᠴᠦ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠵᠠᠯᠠᠨ ᠠᠶᠢᠯ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠵᠠᠯᠠᠨ ᠠᠶᠢᠯ ᠬᠤᠳᠠ ᠶᠢᠨ ᠤᠳᠤᠷᠢᠳᠤᠯᠭ᠎ᠠ ᠯᠢ  ᠱᠦ᠋ ᠶᠠᠨ ᠂ ᠸᠠᠩ ᠪᠥᠸᠧ᠂ ᠸᠧᠢ ᠬᠤᠩ ᠴᠦᠨ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃             ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠯᠠᠨ ᠠᠶᠢᠯ ᠬᠤᠲᠠ ᠶᠢᠨ ᠬᠤᠶᠠᠳᠤᠭᠠᠷ ᠬᠡᠦᠬᠡᠳ ᠤᠨ ᠴᠡᠴᠡᠷᠯᠢᠭ ᠤᠨ ᠬᠤᠪᠢᠶᠠᠷᠢ ᠴᠡᠴᠡᠷᠯᠢᠭ᠂  ᠸᠧ ᠨᠢᠤ ᠾᠧ ᠪᠠᠯᠭᠠᠰᠤᠨ ᠤ ᠭᠤᠣᠯ ᠬᠡᠦᠬᠡᠳ ᠤᠨ ᠴᠡᠴᠡᠷᠯᠢᠭ᠂   ᠶᠢᠨ  ᠲᠠᠢ ᠶᠠᠩ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠨᠳᠦᠰᠦᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠡᠦᠬᠡᠳ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠢᠴᠢᠶᠡᠯ ᠤᠨ ᠪᠠᠶᠢᠷᠢᠯᠠᠭᠤᠯᠤᠯᠲᠠ᠂ ᠪᠠᠭᠰᠢ  ᠶᠢᠨ  ᠡᠬᠢ ᠪᠠᠶᠠᠯᠢᠭ ᠵᠢᠴᠢ ᠢᠳᠡᠭᠡᠨ ᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠤᠬᠡᠳ ᠤᠨ ᠴᠡᠴᠡᠷᠯᠢᠭ ᠲᠤ ᠤᠷᠤᠭᠰᠠᠨ ᠨᠣᠷᠮ᠎ᠠ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠶᠢᠨ ᠣᠷᠣᠨ ᠲᠤᠭ᠎ᠠ ᠶᠢ ᠬᠢᠨᠠᠨ ᠲᠣᠭᠲᠠᠭᠠᠭᠰᠠᠨ ᠵᠢᠴᠢ ᠪᠠᠭᠰᠢ ᠶᠢ ᠨᠥᠬᠦᠪᠥᠷᠢᠯᠡᠭᠰᠡᠨ ᠪᠠᠶᠢᠳᠠᠯ᠂ ᠲᠤᠰᠬᠠᠶ ᠢᠵᠢ ᠪᠥᠷᠢᠳᠦᠭᠰᠡᠨ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠤᠯ ᠬᠦᠴᠦᠨ  ᠵᠦᠢᠯ ᠳᠤ ᠪᠠᠶᠢᠴᠠᠭᠠᠨ ᠰᠤᠳᠤᠯᠤᠯᠲᠠ  ᠬᠢᠵᠡᠢ᠃             ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠶᠢᠷ᠎ᠠ ᠶᠢᠨ ᠵᠢᠯ ᠤᠨ ᠵᠠᠯᠠᠨ ᠠᠶᠢᠯ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ  ᠭᠦᠢᠴᠡᠳ ᠨᠤᠲᠠᠯᠠᠪᠠ᠃ ᠡᠭᠦᠨ ᠤ ᠵᠡᠷᠭᠡ ᠳᠤ ᠴᠢᠬᠤᠯᠠᠴᠢᠯᠠᠭᠰᠠᠨ ᠨᠢ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ  ᠭᠡᠵᠡᠢ᠃ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠵᠢᠴᠢ ᠡᠯ᠎ᠡ ᠲᠥᠷᠥᠯ ᠤᠨ ᠤᠨᠴᠠᠯᠢᠬᠳᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢ ᠲᠡᠩᠴᠡᠭᠦᠷᠢᠲᠡᠶ ᠪᠠᠶᠢᠯᠭᠠᠵᠤ᠂ ᠰᠤᠷᠬᠤ ᠨᠠᠰᠤᠨ ᠤ ᠬᠡᠤᠬᠡᠳ ᠤᠨ ᠴᠡᠴᠡᠷᠯᠢᠭ ᠲᠤ ᠣᠷᠣᠬᠤ ᠡᠯ᠎ᠡ ᠲᠥᠷᠥᠯ ᠤᠨ ᠬᠡᠷᠡᠭᠴᠡᠭᠡ  ᠶᠢ ᠬᠠᠩᠭᠠᠬᠤ ᠬᠡᠷᠡᠭᠲᠡᠢ᠃   ᠰᠣᠷᠬᠤ  ᠨᠠᠰᠣᠨ ᠠᠴᠠ ᠡᠮᠦᠨᠡᠬᠢ  ᠰᠣᠷᠢᠭᠠᠨ  ᠬᠦᠮᠦᠵᠢᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ︽ᠴᠡᠴᠡᠷᠯᠢᠭ ᠲᠠᠢ︾ ︽ᠶᠠᠰᠤ ᠴᠢᠨᠠᠷ ᠢ ᠳᠡᠭᠡᠭᠰᠢᠯᠡᠭᠦᠯᠬᠦ︾ ︽ᠰᠠᠶᠢᠲᠤᠷ ᠡᠷᠭᠢᠯᠡᠬᠦ︾ ᠠᠵᠢᠯ ᠤᠨ ᠣᠨᠣᠯᠵᠢᠬᠤᠨ᠂ ᠰᠡᠳᠬᠢᠴᠡ ᠪᠠ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠬᠠᠮᠵᠢᠯᠴᠠᠬᠤ ᠪᠠ ᠨᠡᠪᠲᠡᠷᠡᠯᠴᠡᠬᠦ ᠪᠠᠨ ᠴᠢᠩᠭᠠᠳᠬᠠᠵᠤ᠂ ᠣᠯᠠᠨ ᠠᠷᠭ᠎ᠠ ᠵᠠᠮ ᠢᠶᠠᠷ ᠪᠠᠯᠠ ᠮᠥᠩᠭᠦ ᠴᠤᠭᠯᠠᠭᠤᠯᠤᠨ᠂ ᠵᠠᠯᠠᠨ ᠠᠶᠢᠯ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ  ᠰᠢᠰᠲ᠋ᠧᠮ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ ᠪᠠᠭᠰᠢ ᠶᠢᠨ  ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠬᠠᠮᠳᠣᠳᠬᠠᠵᠣ᠂ ᠣᠯᠠᠨ  ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠬᠡᠤᠬᠡᠳ ᠤᠨ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠴᠢᠳᠠᠪᠤᠷᠢ ᠬᠡᠪ ᠴᠢᠨᠠᠷ ᠢ ᠪᠦᠬᠦᠯᠢ ᠴᠣᠭᠴᠠ ᠶᠢᠨ ᠲᠠᠯ᠎ᠠ ᠠᠴᠠ ᠳᠡᠭᠡᠭᠰᠢᠯᠡᠭᠦᠯᠵᠦ᠂ ᠵᠠᠯᠠᠨ ᠠᠶᠢᠯ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ  ᠭᠡᠵᠡᠢ᠃          
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号