ᠬᠤᠲᠠ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 2021 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ  ᠭᠠᠷᠠᠭ ᠤᠨ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/5/14
    2021 ᠣᠨ ᠤ 5 ᠰᠠᠷ᠎ᠠ ᠶᠢᠨ 12      ᠤᠨ ᠡᠳᠦᠷ ᠪᠣᠯ 13 ᠳ᠋ᠤᠭᠠᠷ  ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ᠬᠤᠲᠠ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠵᠢᠯ  ᠲᠠᠢ ᠪᠠᠨ ᠤᠶᠠᠯᠳᠤᠭᠤᠯᠤᠨ᠂ 2021 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ  ᠭᠠᠷᠠᠭ ᠤᠨ ᠤᠬᠠᠭᠤᠯᠭ᠎ᠠ ᠶᠢᠨ ᠠᠵᠢᠯ ᠢ ᠬᠢᠨᠠᠮᠠᠭᠠᠶ ᠥᠷᠨᠢᠭᠦᠯᠪᠡ᠃         ᠲᠣᠰ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪ ᠪᠣᠯ ︽ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ︾ ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠵᠠᠯᠠᠨ ᠠᠶᠢᠯ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠢᠴᠢ ᠬᠠᠮᠢᠶ᠎ᠠ ᠪᠦᠬᠦᠢ ᠲᠡᠭᠡᠭᠡᠪᠦᠷᠢ ᠶᠢᠨ ᠠᠵᠤ ᠠᠬᠤᠶᠢᠯᠠᠯ ᠳᠤ᠂ ᠭᠠᠯ ᠤᠨ  ᠠᠶᠣᠯ ᠢ ᠤᠷᠢᠳᠴᠢᠯᠠᠨ ᠰᠡᠷᠭᠡᠶᠢᠯᠡᠬᠦ ᠪᠠ ᠥᠪᠡᠷ ᠢ ᠪᠠᠨ ᠠᠪᠤᠷᠠᠬᠤ᠂ ᠭᠠᠵᠠᠷ ᠬᠥᠳᠡᠯᠦᠯᠲᠡ ᠶᠢᠨ ᠮᠡᠳᠡᠯᠭᠡ ᠵᠡᠷᠭᠡ ᠶᠡᠷᠦ ᠶᠢᠨ ᠮᠡᠳᠡᠯᠭᠡ ᠶᠢ  ᠶᠡᠭᠡ ᠪᠠᠷ ᠤᠬᠠᠭᠤᠯᠤᠭᠰᠠᠨ ᠤ ᠤᠯᠠᠮ ᠠᠴᠠ ᠵᠠᠮ ᠲᠡᠭᠡᠭᠡᠪᠦᠷᠢ ᠶᠢᠨ ᠠᠵᠢᠯ ᠡᠷᠬᠢᠯᠡᠭᠰᠡᠳ ᠪᠣᠯᠤᠨ ᠥᠷᠭᠡᠨ ᠤᠯᠠᠨ ᠲᠦᠮᠡᠨ ᠤ  ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠦᠵᠡᠯ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ  ᠨᠡᠮᠡᠭᠳᠡᠭᠦᠯᠵᠡᠶ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠲᠡᠷᠭᠡ 1᠂ ᠬᠠᠤᠯᠢ ᠬᠡᠷᠡᠭᠵᠢᠭᠦᠯᠬᠦ ᠠᠵᠢᠯᠲᠠᠨ 4 ᠬᠥᠮᠦᠨ ᠢ ᠬᠥᠳᠡᠯᠭᠡᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠶ ᠬᠤᠪᠢ  ᠲᠠᠷᠬᠠᠭᠠᠭᠰᠠᠨ ᠪᠠᠶᠢᠨ᠎ᠠ᠃ ᠥᠷᠭᠡᠨ ᠣᠯᠠᠨ ᠲᠦᠮᠡᠨ ᠳᠤ ᠭᠠᠮᠰᠢᠭ ᠤᠨ ᠠᠩᠬᠠᠷᠬᠤ  ᠵᠦᠢᠯ ᠪᠠ ᠤᠷᠢᠳᠴᠢᠯᠠᠨ ᠰᠡᠷᠡᠮᠵᠢᠯᠡᠭᠦᠯᠬᠦ ᠮᠡᠳᠡᠯᠭᠡ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠬᠤ ᠪᠠᠷ ᠳᠠᠮᠵᠢᠭᠤᠯᠤᠨ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠤᠬᠠᠮᠰᠠᠷ ᠪᠠ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号