ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠳᠡᠯᠮᠦᠷᠢ ᠬᠦᠴᠦᠨ ᠬᠡᠷᠡᠭᠯᠡᠬᠦ ᠶᠢ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠶᠢᠨ ᠠᠵᠢᠯ ᠢ ᠯᠠᠪᠳᠠᠭᠤᠨ ᠪᠠᠲᠣᠲᠠᠢ ᠠᠬᠢᠭᠤᠯᠪᠠ
ᠨᠡᠶᠢᠲᠡᠯᠡᠭᠰᠡᠨ ᠴᠠᠭ᠄
2021/5/14
     ᠣᠶᠢᠷ᠎ᠠ ᠳᠤ᠂ ᠬᠥᠳᠡᠯᠮᠦᠷᠢ ᠶᠢᠨ ᠭᠡᠷ᠎ᠡ ᠶᠢᠨ ᠲᠦᠷᠢᠮ ᠤᠨ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠬᠥᠳᠡᠯᠮᠦᠷᠢ ᠬᠦᠴᠦᠨ ᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠬᠥᠳᠡᠯᠮᠦᠷᠢ ᠬᠦᠴᠦᠨ ᠢ ᠬᠡᠷᠡᠭᠯᠡᠬᠦ  ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽ᠭᠤᠷᠪᠠᠨ ᠠᠷᠭ᠎ᠠ ᠬᠡᠮᠵᠢᠶ᠎ᠡ︾  ᠪᠠᠷ ᠳᠠᠮᠵᠢᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠵᠢᠯᠴᠢᠨ ᠬᠡᠷᠡᠭᠯᠡᠬᠦ ᠶᠢ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠶᠢᠨ ᠠᠵᠢᠯ ᠢ ᠯᠠᠪᠳᠠᠭᠤᠨ ᠪᠠᠲᠣᠲᠠᠢ ᠠᠬᠢᠭᠤᠯᠪᠠ᠃           ᠨᠢᠭᠡ ᠳᠤ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ︽ᠪᠡᠯᠡᠳᠬᠡᠪᠡᠰᠦ ᠵᠣᠬᠢᠬᠤ ᠶᠢ ᠨᠢ ᠪᠦᠷᠢᠨ ᠪᠡᠯᠡᠳᠬᠡᠬᠦ︾  ᠬᠡᠷᠡᠭᠲᠡᠢ᠃ 3 ᠰᠠᠷ᠎ᠠ ᠳᠤ ᠰᠢᠨ᠎ᠡ ᠬᠥᠳᠡᠯᠮᠦᠷᠢ ᠬᠦᠴᠦᠨ ᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠰᠢᠰᠲ᠋ᠧᠮ ᠢ ᠡᠬᠢᠯᠡᠨ ᠬᠡᠷᠡᠭᠯᠡᠭᠰᠡᠨ ᠠᠴᠠ ᠨᠠᠰᠢ᠂ QQ ᠠᠵᠢᠯ ᠤᠨ ᠪᠦᠯᠦᠭ᠂ ᠸᠢᠴᠠᠲ ᠤᠨ ᠪᠦᠯᠦᠭ᠂ ᠲᠤᠬᠠᠶᠢᠯᠠᠭᠰᠠᠨ ᠠᠵᠢᠯ ᠤᠨ  ᠯᠠᠪᠯᠠᠨ ᠠᠰᠠᠭᠤᠬᠤ  ᠣᠲᠠᠰᠣ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠡ ᠶᠢᠨ ᠲᠡᠮᠳᠡᠭᠯᠡᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ  ᠳᠤ ᠦᠢᠯᠡᠴᠢᠯᠡᠨ ᠵᠢᠯᠣᠭᠤᠳᠴᠤ᠂ ᠬᠥᠳᠡᠯᠮᠦᠷᠢ ᠶᠢᠨ ᠬᠠᠷᠢᠴᠠᠭᠠᠨ ᠤ ᠬᠡᠰᠡᠭ ᠤᠨ ᠭᠠᠷᠲᠠᠨ  ᠭᠦᠢᠴᠡᠳᠭᠡᠬᠦ ᠶᠠᠪᠤᠴᠠ᠂ ᠠᠵᠢᠯᠯᠠᠬᠤ ᠠᠷᠭ᠎ᠠ ᠶᠢ ᠲᠠᠶᠢᠯᠪᠤᠷᠢᠯᠠᠵᠤ᠂ ᠬᠥᠮᠦᠨ ᠬᠡᠷᠡᠭᠯᠡᠬᠦ ᠨᠢᠭᠡᠴᠡ ᠶᠢ ᠬᠥᠲᠥᠯᠥᠨ ᠵᠢᠯᠣᠭᠤᠳᠴᠤ ᠪᠠᠶᠢᠭᠠᠳ ᠠᠵᠢᠯᠴᠢᠨ ᠬᠡᠷᠡᠭᠯᠡᠭᠰᠡᠨ ᠪᠠᠶᠢᠳᠠᠯ ᠢ ᠦᠨᠳᠦᠰᠦᠯᠡᠨ ᠬᠥᠳᠡᠯᠮᠦᠷᠢ ᠬᠦᠴᠦᠨ ᠤ ᠠᠵᠢᠯᠴᠢᠨ ᠬᠡᠷᠡᠭᠯᠡᠭᠰᠡᠨ ᠤ ᠨᠡᠮᠡᠭᠳᠡᠯ ᠬᠠᠰᠤᠭᠳᠠᠯ ᠪᠠ  ᠭᠡᠷ᠎ᠡ ᠪᠠᠨ ᠦᠷᠭᠦᠯᠵᠢᠯᠡᠭᠰᠡᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠪᠢᠴᠢᠵᠦ ᠣᠷᠣᠭᠤᠯᠬᠤ ᠶᠢ ᠬᠥᠲᠥᠯᠥᠨ ᠵᠢᠯᠣᠭᠤᠳᠪᠠ᠃         ᠬᠤᠶᠠᠷ ᠲᠤ ᠰᠠᠨᠠᠭᠠᠴᠢᠯᠠᠭ᠎ᠠ ᠠᠴᠠ ᠪᠠᠨ  ᠦᠢᠯᠡᠴᠢᠯᠡᠵᠦ᠂ ᠳᠡᠩᠰᠡᠯᠡᠵᠦ ᠬᠢᠨᠠᠨ ᠬᠠᠷᠭᠤᠭᠤᠯᠬᠤ ᠶᠢ ︽ᠨᠢᠭᠡ ᠯᠡ ᠤᠳᠠᠭ᠎ᠠ ᠳᠤ   ᠪᠡᠶᠡᠯᠡᠭᠦᠯᠦᠨ᠎ᠡ︾᠃ ᠮᠠᠨ ᠤ ᠬᠤᠲᠠ ᠶᠢᠨ ᠬᠥᠮᠦᠨ ᠬᠡᠷᠡᠭᠯᠡᠬᠦ ᠨᠢᠭᠡᠴᠡ ᠲᠠᠷᠠᠬᠠᠶ ᠪᠤᠲᠠᠷᠬᠠᠶ᠂ ᠠᠵᠢᠯᠲᠠᠨ ᠤ ᠬᠤᠪᠢᠷᠠᠯᠲᠠ  ᠶᠡᠭᠡ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠰᠡᠳᠬᠢᠮᠵᠢ ᠪᠠᠨ ᠢᠳᠡᠪᠬᠢᠲᠡᠶ ᠬᠤᠪᠢᠷᠠᠭᠤᠯᠵᠤ᠂ ᠲᠤᠬᠠᠶ ᠶᠢᠨ ᠲᠠᠯᠠᠪᠤᠷ ᠲᠤ ᠦᠵᠡᠭᠦᠯᠬᠦ᠂ ᠠᠰᠠᠭᠤᠨ ᠵᠢᠯᠣᠭᠤᠳᠬᠤ᠂ ᠰᠦᠯᠵᠢᠶᠡᠨ ᠳᠡᠭᠡᠷ᠎ᠡ ᠭᠠᠷᠲᠠᠨ  ᠭᠦᠢᠴᠡᠳᠭᠡᠬᠦ ᠶᠠᠪᠤᠴᠠ ᠶᠢ ᠳᠠᠮᠵᠢᠭᠤᠯᠬᠤ ᠵᠡᠷᠭᠡ ᠠᠷᠭ᠎ᠠ ᠶᠢ ᠠᠪᠴᠤ᠂ ᠠᠵᠢᠯᠴᠢᠨ ᠬᠡᠷᠡᠭᠯᠡᠬᠦ ᠶᠢ ᠳᠠᠩᠰᠠᠯᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠠᠮᠵᠢᠨ ᠰᠠᠶᠢᠲᠤᠷ ᠬᠢᠵᠦ᠂ ᠬᠥᠮᠦᠨ ᠬᠡᠷᠡᠭᠯᠡᠬᠦ ᠨᠢᠭᠡᠴᠡ ᠶᠢᠨ ᠨᠢᠭᠡ ᠯᠡ ᠤᠳᠠᠭ᠎ᠠ  ᠳᠤ ᠳᠡᠩᠰᠡᠯᠡᠵᠦ ᠬᠢᠨᠠᠨ ᠬᠠᠷᠭᠤᠭᠤᠯᠬᠤ ᠶᠢ  ᠦᠨᠡᠨᠬᠦ  ᠪᠠᠲᠣᠯᠠᠵᠠᠢ᠃   ᠭᠤᠷᠪᠠ ᠳᠤ᠂ ᠴᠢᠩᠭ᠎ᠠ ᠬᠠᠮᠢᠶᠠᠷᠴᠤ᠂ ᠳᠠᠩᠰᠠᠯᠠᠨ ᠲᠡᠮᠳᠡᠭᠯᠡᠬᠦ ᠳᠤ ︽ᠳᠤᠲᠠᠭᠤ ᠶᠢ ᠨᠢ ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠬᠦ︾ ᠬᠡᠷᠡᠭᠲᠡᠢ᠃ ᠬᠥᠮᠦᠨ ᠬᠡᠷᠡᠭᠯᠡᠬᠦ ᠨᠢᠭᠡᠴᠡ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠬᠥᠮᠦᠨ ᠬᠡᠷᠡᠭᠯᠡᠬᠦ ᠨᠢᠭᠡᠴᠡ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠶᠢᠨ ᠳᠤᠮᠳᠠᠬᠢ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠶ᠃ ᠠᠵᠢᠯᠴᠢᠨ ᠬᠡᠷᠡᠭᠯᠡᠬᠦ ᠶᠢ ᠳᠠᠩᠰᠠᠯᠠᠭᠤᠯᠬᠤ ᠲᠦᠷᠢᠮ ᠢ ᠨᠠᠶᠢᠳᠠᠪᠤᠷᠢᠵᠢᠭᠤᠯᠤᠭᠰᠠᠨ ᠵᠢᠴᠢ ᠬᠥᠳᠡᠯᠮᠦᠷᠢᠴᠢᠨ ᠲᠠᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠪᠠᠶᠢᠳᠠᠯ ᠢ ᠴᠢᠩᠭ᠎ᠠ ᠬᠢᠨᠠᠨ ᠬᠠᠷᠭᠤᠭᠤᠯᠵᠤ᠂ ᠳᠠᠩᠰᠠᠯᠠᠭᠤᠯᠬᠤ ᠶᠠᠪᠤᠴᠠ ᠳᠤ ᠦ ᠰᠡᠪ ᠦᠭᠡᠢ ᠪᠠᠶᠢᠬᠤ᠂ ᠳᠠᠩᠰᠠᠯᠠᠭᠤᠯᠬᠤ ᠮᠠᠲ᠋ᠧᠷᠢᠶᠠᠯ ᠳᠤ ᠦ ᠰᠡᠪ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃       ᠣᠲᠣ ᠪᠣᠯᠲᠠᠯ᠎ᠠ᠂ ᠨᠢᠭᠡᠨᠲᠡ 437  ᠤᠳᠠᠭ᠎ᠠ ᠂ 247 ᠬᠡᠷᠡᠭᠯᠡᠭᠡᠨ ᠤ ᠨᠢᠭᠡᠴᠡ ᠶᠢᠨ 1924 ᠬᠥᠮᠦᠨ ᠳᠤ ᠠᠵᠢᠯᠴᠢᠨ ᠬᠡᠷᠡᠭᠯᠡᠬᠦ ᠳᠡᠩᠰᠡᠯᠡᠯᠲᠡ ᠬᠢᠵᠦ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠦᠲᠦᠮᠵᠢᠲᠡᠶ ᠠᠬᠢᠭᠤᠯᠪᠠ᠃    
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号