ᠰᠢᠩ ᠬᠤᠸᠠ ᠵᠡᠭᠡᠯᠢ ᠭᠤᠳᠤᠮᠵᠢ ᠣᠯᠠᠨ ᠶᠠᠩᠵᠤ  ᠬᠡᠯᠪᠡᠷᠢ ᠪᠠᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠬᠥᠳᠡᠯᠭᠡᠭᠡᠨ  ᠦᠷᠨᠢᠭᠦᠯᠵᠡᠢ
ᠨᠡᠶᠢᠲᠡᠯᠡᠭᠰᠡᠨ ᠴᠠᠭ᠄
2021/5/14
      5 ᠰᠠᠷ᠎ᠠ ᠶᠢᠨ 12     ᠤᠨ ᠡᠳᠦᠷ ᠪᠣᠯ ᠮᠠᠨ ᠤ ᠤᠯᠤᠰ ᠤᠨ ᠠᠷᠪᠠᠨ ᠭᠤᠷᠪᠠᠳᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂  ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠲᠠᠯ᠎ᠠ ᠪᠠᠷ ᠭᠠᠮᠰᠢᠭ ᠢ ᠪᠠᠭᠠᠰᠬᠠᠵᠤ ᠭᠠᠮᠰᠢᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠩ ᠬᠤᠸᠠ ᠵᠡᠭᠡᠯᠢ ᠭᠤᠳᠤᠮᠵᠢ ᠶᠢᠨ ᠬᠢᠨ ᠣᠯᠠᠨ ᠶᠠᠩᠵᠤ  ᠬᠡᠯᠪᠡᠷᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ  ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃          ᠨᠢᠭᠡ ᠳᠤ  ᠰᠤᠷᠤᠭᠴᠢᠳ  ᠤᠨ ᠲᠦᠷᠭᠡᠨ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠶᠢ  ᠦᠷᠨᠢᠭᠦᠯᠵᠡᠢ᠃ ︽ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠬᠤ︾ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ 5 ᠰᠠᠷ᠎ᠠ ᠶᠢᠨ 12      ᠤᠨ ᠡᠳᠦᠷ ᠤᠨ ᠦᠳᠡ ᠶᠢᠨ ᠡᠮᠦᠨ᠎ᠡ᠂ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠵᠠᠯᠠᠨ ᠠᠶᠢᠯ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠲᠠᠢ ᠬᠠᠮᠲᠤᠷᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠨ ᠲᠠᠷᠬᠠᠭᠠᠵᠤ  ᠪᠡᠶ᠎ᠡ ᠪᠠᠨ ᠠᠪᠣᠷᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃          ᠬᠤᠶᠠᠷ ᠲᠤ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ  ᠦᠷᠨᠢᠭᠦᠯᠵᠡᠢ᠃ ᠡᠯ᠎ᠡ ᠨᠡᠶᠢᠭᠡᠮ ᠲᠣᠭᠤᠷᠢᠭ ᠤᠨ ᠬᠢᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠠᠭᠤᠨ  ᠰᠢᠩᠭᠡᠭᠡᠯᠲᠡ ᠶᠢ ᠨᠡᠪᠲᠡᠷᠡᠭᠦᠯᠬᠦ᠂ ᠰᠦᠯᠵᠢᠶᠡᠨ ᠳᠡᠭᠡᠷ᠎ᠡ ᠤᠬᠠᠭᠤᠯᠭ᠎ᠠ ᠶᠢᠨ ᠮᠠᠲ᠋ᠧᠷᠢᠶᠠᠯ ᠢ ᠰᠢᠯᠵᠢᠭᠦᠯᠦᠨ ᠨᠡᠶᠢᠲᠡᠯᠡᠬᠦ᠂ ᠰᠦᠯᠵᠢᠶᠡᠨ ᠠᠴᠠ ᠭᠠᠳᠠᠨ᠎ᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠬᠢᠵᠦ᠂ ᠲᠣᠰ ᠤᠳᠠᠭᠠᠨ ᠤ ᠠᠵᠢᠯᠯᠠᠭ᠎ᠠ ᠳᠤ  ᠲᠦᠭᠡᠮᠡᠯᠵᠢᠭᠦᠯᠬᠦ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 1000 ᠭᠠᠷᠤᠶ ᠬᠤᠪᠢ ᠲᠠᠷᠬᠠᠭᠠᠵᠤ᠂ ᠲᠠᠭᠤᠨ  ᠰᠢᠩᠭᠡᠭᠡᠯᠲᠡ ᠶᠢ ᠨᠡᠪᠲᠡᠷᠡᠭᠦᠯᠦᠭᠡᠳ 1000 ᠭᠠᠷᠤᠶ ᠬᠥᠮᠦᠨ ᠳᠤ ᠠᠰᠢᠭ ᠬᠦᠷᠲᠡᠭᠡᠭᠰᠡᠨ ᠪᠠᠶᠢᠨ᠎ᠠ᠃            ᠭᠤᠷᠪᠠ ᠳᠤ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ  ᠮᠡᠳᠡᠯᠭᠡ  ᠶᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ︾ ᠶᠢ ᠥᠷᠨᠢᠭᠦᠯᠪᠡ᠃ ᠰᠢᠩ ᠬᠤᠸᠠ ᠵᠡᠭᠡᠯᠢ ᠭᠤᠳᠤᠮᠵᠢ ᠶᠢᠨ ᠯᠦ ᠯᠢᠨ ᠨᠡᠶᠢᠭᠡᠮ ᠲᠣᠭᠤᠷᠢᠭ ᠲᠠᠶᠢᠯᠤᠮᠵᠢ ᠬᠢᠬᠦ ᠬᠡᠯᠪᠡᠷᠢ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ  ᠳᠡᠭᠡᠭᠰᠢᠯᠡᠭᠦᠯᠦᠨ᠂ ᠭᠠᠵᠠᠷ ᠬᠥᠳᠡᠯᠦᠯᠲᠡ ᠶᠢᠨ ᠭᠠᠮᠰᠢᠭ  ᠲᠤ ᠰᠢᠨᠵᠢᠯᠡᠬᠦ ᠤᠬᠠᠭᠠᠨᠴᠢ ᠪᠠᠷ ᠠᠷᠭᠠᠴᠠᠬᠤ ᠴᠢᠳᠠᠪᠤᠷᠢ ᠪᠠ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠮᠡᠷᠭᠡᠵᠢᠯ ᠴᠢᠳᠠᠪᠤᠷᠢ ᠶᠢ  ᠳᠡᠭᠡᠭᠰᠢᠯᠡᠭᠦᠯᠵᠡᠢ  ᠃ ᠲᠠᠶᠢᠯᠤᠮᠵᠢ ᠳᠠᠭᠤᠰᠤᠭᠰᠠᠨ ᠤ ᠲᠠᠷᠠᠭ᠎ᠠ᠂ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠭᠡᠷ ᠲᠤ ᠬᠦᠷᠴᠦ᠂ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ ᠤᠩᠰᠢᠬᠤ ᠪᠢᠴᠢᠭ︾ ᠲᠠᠷᠬᠠᠭᠠᠪᠠ᠃         ᠠᠯᠢ ᠣᠯᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠣᠶᠢᠯᠠᠭᠠᠭᠳᠠᠬᠤᠨ ᠢ ᠨᠡᠶᠢᠭᠡᠮ ᠳᠠᠶᠠᠭᠠᠷ ᠲᠤ ᠤᠯᠠᠮ ᠨᠢᠭᠡ ᠠᠯᠬᠤᠮ ᠤᠬᠠᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠦᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠨᠡᠮᠡᠭᠳᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠤᠷ᠎ᠠ ᠴᠢᠳᠠᠪᠤᠷᠢ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠯᠭᠡᠷᠡᠭᠦᠯᠵᠦ᠂ ᠨᠡᠶᠢᠭᠡᠮ ᠨᠡᠶᠢᠲᠡ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠶ ᠣᠶᠢᠯᠠᠭᠠᠯᠲᠠ᠂ ᠳᠡᠮᠵᠢᠯᠭᠡ ᠪᠠ ᠣᠷᠣᠯᠴᠠᠯᠭ᠎ᠠ ᠶᠢ ᠨᠡᠮᠡᠭᠳᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠨᠡᠶᠢᠭᠡᠮ ᠳᠤ ᠨᠡᠩ ᠰᠠᠶᠢᠨ ᠦᠢᠯᠡᠴᠢᠯᠡᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号