ᠳ᠋ᠠ ᠾᠧ ᠸᠠᠨ ᠪᠠᠯᠭᠠᠰᠤ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠭᠡ ᠪᠠᠷ ᠴᠡᠭᠴᠡᠯᠡᠨ ᠵᠠᠰᠠᠵᠤ ᠠᠷᠠᠳ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2021/5/14
     ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂  ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠡᠭᠦᠷᠭᠡ ᠪᠣᠯᠤᠨ᠎ᠠ᠃ ᠣᠶᠢᠷ᠎ᠠ ᠳᠤ᠂ ᠳ᠋ᠠ ᠾᠧ ᠸᠠᠨ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠲᠠᠢ ᠤᠶᠠᠯᠳᠤᠭᠤᠯᠤᠨ ︽ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠶᠡᠭᠡ ᠪᠠᠷ ᠴᠡᠭᠴᠡᠯᠡᠨ ᠵᠠᠰᠠᠬᠤ᠂ ᠠᠷᠠᠳ ᠲᠦᠮᠡᠨ ᠳᠤ  ᠦᠢᠯᠡᠴᠢᠯᠡᠬᠦ ᠳᠤ ᠪᠣᠳᠠᠲᠠᠶ ᠠᠵᠢᠯ ᠬᠢᠬᠦ︾  ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠪᠦᠬᠦ ᠪᠠᠯᠭᠠᠰᠤ ᠶᠢᠨ 14 ᠲᠣᠰᠬᠤᠨ ᠤ 2 ᠨᠡᠶᠢᠭᠡᠮ ᠲᠣᠭᠤᠷᠢᠭ ᠤᠨ ᠬᠢᠨ ᠬᠠᠮᠲᠣ ᠬᠥᠳᠡᠯᠦᠯᠴᠡᠵᠦ᠂ ᠲᠣᠰᠬᠤᠨ ᠢ ᠴᠡᠪᠡᠷᠯᠡᠬᠦ ᠪᠠᠷ  ᠳᠠᠮᠵᠢᠨ᠂ ᠲᠣᠰᠬᠤᠨ ᠤ ᠳᠦᠷᠰᠦ ᠪᠠᠶᠢᠳᠠᠯ ᠢ  ᠵᠠᠰᠠᠨ ᠴᠡᠭᠴᠡᠯᠡᠵᠦ᠂ ︽ᠠᠷᠢᠭᠤᠨ ᠴᠡᠪᠡᠷ︾ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠡᠭᠦᠳᠴᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠪᠡ᠃         ᠠᠵᠢᠯᠯᠠᠭ᠎ᠠ ᠶᠢᠨ ᠳᠤᠮᠳᠠ᠂ ᠲᠣᠰᠬᠤᠨ ᠪᠠᠯᠭᠠᠰᠤ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷ ᠵᠢᠴᠢ ︽ᠪᠢ ᠴᠢᠮᠠᠳᠤ ᠬᠠᠪᠰᠤᠷᠤᠨ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠱᠦᠭᠦᠷ᠂ ᠲᠡᠮᠦᠷ ᠬᠦᠷᠵᠡ ᠵᠡᠷᠭᠡ ᠴᠡᠪᠡᠷᠯᠡᠬᠦ ᠪᠠᠭᠠᠵᠢ ᠪᠠᠨ ᠠᠪᠴᠤ ᠠᠵᠢᠯ ᠢᠶᠠᠨ ᠬᠤᠪᠢᠳᠠᠨ ᠬᠠᠮᠲᠤᠷᠠᠨ ᠠᠵᠢᠯᠯᠠᠵᠤ᠂ ᠭᠤᠣᠯ ᠳᠡᠳ᠋  ᠵᠠᠮ᠂ ᠵᠡᠭᠡᠯᠢ ᠭᠤᠳᠤᠮᠵᠢ᠂ ᠤᠯᠠᠨ ᠨᠡᠶᠢᠲᠡ ᠶᠢᠨ ᠣᠷᠣᠨ ᠪᠦᠰᠡ ᠵᠡᠷᠭᠡ ᠠᠮᠢᠳᠤᠷᠠᠯ ᠤᠨ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ᠂  ᠴᠡᠪᠡᠷᠯᠡᠬᠦ ᠳᠤ ᠦᠯᠦ ᠣᠨᠣᠭᠳᠠᠬᠤ ᠥᠨᠴᠥᠭ ᠪᠤᠯᠤᠩ ᠵᠡᠷᠭᠡ  ᠶᠢ ᠲᠦᠢᠯᠪᠤᠷᠢᠲᠠᠢ ᠴᠡᠪᠡᠷᠯᠡᠭᠰᠡᠨ ᠪᠥᠭᠡᠳ ᠬᠠᠷᠢᠶ᠎ᠠ ᠲᠣᠭᠤᠷᠢᠭ ᠤᠨ ᠲᠣᠰᠬᠤᠨ ᠤ ᠠᠷᠠᠳ ᠢ ᠤᠯᠠᠨ ᠨᠡᠶᠢᠲᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ ᠪᠣᠬᠢᠷᠲᠤᠯ ᠦᠭᠡᠢ  ᠳᠣᠣᠷ᠎ᠠ ᠨᠡᠭᠦᠷᠡᠰᠦᠲᠥ᠋ᠷᠥᠭᠴᠢ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠬᠦ ᠶᠢ ᠢᠳᠡᠪᠬᠢᠲᠡᠢ ᠤᠷᠢᠶᠠᠯᠠᠵᠤ᠂ ᠡᠷᠬᠢᠨ ᠲᠣᠭᠤᠷᠢᠨ ᠤ ᠤᠯᠠᠨ ᠲᠦᠮᠡᠨ ᠤ ᠰᠠᠶᠢᠨ ᠦᠨᠡᠯᠡᠯᠲᠡ ᠪᠠ ᠵᠥᠪᠰᠢᠶᠡᠷᠡᠯ ᠢ ᠣᠯᠵᠤ᠂ ᠮᠠᠰᠢ ᠰᠠᠶᠢᠨ ᠦᠷ᠎ᠡ ᠪᠦᠲᠦᠮᠵᠢ ᠣᠯᠵᠠᠢ᠃          ᠲᠠᠷᠠᠭᠠᠴᠢ ᠶᠢᠨ ᠱᠠᠲᠤᠨ ᠳᠤ᠂ ᠳ᠋ᠠ ᠾᠧ ᠸᠠᠨ ᠪᠠᠯᠭᠠᠰᠤ ᠶᠢᠨ ᠬᠢᠨ ᠤᠯᠠᠨ ᠵᠦᠢᠯ ᠤᠨ ᠬᠡᠯᠪᠡᠷᠢ ᠪᠠᠷ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠪᠣᠯᠤᠨ ᠠᠷᠠᠳ ᠤᠯᠠᠨ ᠤ ᠰᠡᠳᠬᠢᠯ ᠵᠣᠪᠠᠵᠤ ᠪᠠᠶᠢᠭ᠎ᠠ ᠤᠴᠢᠷ ᠶᠠᠪᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠶᠢ ᠭᠠᠷᠭᠠᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠨᠡᠮᠡᠭᠳᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号